ᠢᠦᠢ ᠴᠢᠤᠸᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠢᠦᠶ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ ᠴᠡᠭ ᠲᠤ ᠤᠷᠤᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/30
     ᠢᠦᠢ ᠴᠢᠤᠸᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ 2024 ᠣᠨ ᠤ ᠬᠢᠨᠠᠨ ᠪᠤᠳᠤᠬᠤ ᠲᠥᠷᠥᠯ ᠵᠦᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ 7 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠢᠦᠢ ᠴᠢᠤᠸᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠳᠤᠭᠤᠶᠢᠯᠠᠩ ᠲᠣᠮᠢᠯᠠᠵᠤ᠂ ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠦ᠋ ᠵᠢᠶᠠᠨ ᠵᠢᠶᠦ᠋ᠨ᠂ ᠤᠤᠯ ᠤᠨ ᠲᠣᠪᠴᠢᠶᠠᠨ ᠳᠠᠷᠤᠭ᠎ᠠ ᠦ᠋ ᡁᠢ ᠭᠠᠩ ᠨᠥᠬᠦᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ ᠴᠡᠭ ᠲᠤ ᠣᠷᠣᠬᠤ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠣᠮᠢᠯᠠᠨ ᠰᠠᠭᠤᠯᠭᠠᠬᠤ ᠳᠤᠭᠤᠶᠢᠯᠠᠩ᠂ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠵᠢᠴᠢ ᠡᠳ᠋ ᠤᠨ ᠶᠠᠪᠤᠳᠠᠯ᠂ ᠠᠯᠪᠠᠨ ᠬᠡᠷ ᠵᠡᠷᠭᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠬᠥᠮᠦᠰ ᠬᠤᠷᠠᠯ ᠳᠤ ᠣᠷᠣᠯᠴᠠᠵᠠᠶ᠃
     ᠴᠡᠭ ᠲᠤ ᠣᠷᠣᠬᠤ ᠬᠤᠷᠠᠯ ᠳᠡᠭᠡᠷ᠎ᠡ ᠬᠢᠨᠠᠨ ᠪᠤᠳᠤᠬᠤ ᠳᠤᠭᠤᠶᠢᠯᠠᠩ ︽ᠬᠢᠨᠠᠨ ᠪᠤᠳᠤᠬᠤ ᠮᠡᠳᠡᠭᠳᠡᠯ ᠤᠨ ᠪᠢᠴᠢᠭ︾ ᠢ ᠤᠩᠰᠢᠨ ᠨᠡᠶᠢᠲᠡᠯᠡᠪᠡ᠃ ᠬᠢᠨᠠᠨ ᠪᠤᠳᠤᠬᠤ ᠳᠤᠭᠤᠶᠢᠯᠠᠩ ᠤᠨ ᠳᠠᠷᠤᠭ᠎ᠠ ᠳ᠋ᠦᠩ ᠪᠢ ᠵᠢᠶᠦ᠋ᠨ ᠨᠥᠬᠦᠷ ᠲᠣᠰ ᠤᠳᠠᠭᠠᠨ ᠤ ᠬᠢᠨᠠᠨ ᠪᠤᠳᠤᠯᠳᠠ ᠶᠢᠨ ᠲᠤᠬᠠᠶ ᠭᠤᠷᠪᠠᠨ ᠲᠠᠯ᠎ᠠ ᠶᠢᠨ ᠰᠠᠨᠠᠭᠤᠯᠭ᠎ᠠ ᠪᠠ ᠱᠠᠭᠠᠷᠳᠠᠯᠭ᠎ᠠ ᠳᠤᠷᠠᠳᠪᠠ᠄ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠬᠤ ᠬᠡᠷᠡᠭᠲᠡᠢ᠃ ᠬᠢᠨᠠᠨ ᠪᠤᠳᠤᠯᠲᠠ ᠬᠢᠯᠭᠡᠭᠰᠡᠨ ᠨᠢᠭᠡᠴᠢ ᠭᠦᠢᠴᠡᠳ ᠣᠶᠢᠯᠠᠭᠠᠨ ᠳᠡᠮᠵᠢᠵᠦ᠂ ᠬᠢᠨᠠᠨ ᠪᠣᠳᠣᠬᠤ ᠳᠤᠭᠤᠶᠢᠯᠠᠩ ᠲᠠᠢ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠲᠠᠢ ᠪᠣᠯᠬᠤ ᠬᠡᠷᠡᠭᠲᠡᠢ᠃ ᠬᠢᠨᠠᠨ ᠪᠣᠳᠣᠬᠤ ᠠᠵᠢᠯ ᠤᠨ ᠥᠷᠨᠢᠯᠲᠡ ᠶᠢ ᠢᠳᠡᠪᠬᠢᠲᠡᠶ ᠠᠬᠢᠭᠤᠯᠬᠤ ᠶᠢᠨ ᠡᠴᠦᠰ ᠤᠨ ᠵᠣᠷᠢᠯᠭ᠎ᠠ ᠨᠢ ᠤᠳᠤᠷᠢᠳᠬᠤ ᠺᠠᠳ᠋ᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢ ᠦᠨᠡᠯᠡᠬᠦ ᠳᠤ ᠯᠠᠪᠯᠠᠯᠲᠠ ᠬᠠᠩᠭᠠᠬᠤ ᠪᠠ ᠠᠵᠢᠯ ᠦᠢᠯᠡᠰ ᠤᠨ ᠨᠢᠭᠡᠴᠢ ᠶᠢᠨ ᠳᠣᠲᠣᠭᠠᠳᠤ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ ᠶᠤᠮ᠃ ᠬᠤᠶᠠᠷ ᠲᠤ᠂ ᠬᠤᠶᠠᠷ ᠲᠠᠯ᠎ᠠ ᠶᠢᠨ ᠣᠶᠢᠯᠠᠭᠠᠯᠴᠠᠭ᠎ᠠ ᠪᠣᠯᠣᠨ ᠬᠠᠮᠵᠢᠯᠴᠠᠭ᠎ᠠ ᠶᠢ  ᠴᠢᠩᠭᠠᠳᠬᠠᠬᠤ ᠬᠡᠷᠡᠭᠲᠡᠢ᠃ ᠬᠠᠮᠢᠶ᠎ᠠ ᠪᠦᠬᠦᠢ ᠮᠠᠲ᠋ᠧᠷᠢᠶᠠᠯ ᠢ ᠴᠠᠭ ᠲᠤᠬᠠᠶ ᠳᠤᠨᠢ ᠬᠠᠩᠭᠠᠵᠤ᠂ ᠬᠢᠨᠠᠨ ᠪᠣᠳᠣᠬᠤ ᠠᠵᠢᠯ ᠳᠤ ᠢᠳᠡᠪᠬᠢᠲᠡᠶ ᠬᠠᠮᠵᠢᠯᠴᠠᠨ᠂ ᠬᠢᠨᠠᠨ ᠪᠣᠳᠣᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠬᠤ ᠬᠡᠷᠡᠭᠲᠡᠶ᠃ ᠬᠢᠨᠠᠨ ᠪᠤᠳᠤᠬᠤ ᠳᠤᠭᠤᠶᠢᠯᠠᠩ ᠤᠨ ᠬᠥᠮᠦᠰ ᠬᠢᠨᠠᠨ ᠪᠤᠳᠤᠬᠤ ︽ᠨᠠᠢᠮᠠᠨ ᠥᠯᠥ ᠵᠥᠪᠰᠢᠶᠡᠷᠡᠬᠦ︾ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠬᠢᠨᠠᠨ ᠪᠤᠳᠤᠬᠤ᠂ ᠠᠷᠢᠭᠤᠨ ᠴᠢᠬᠡᠴᠢ ᠪᠠᠷ ᠬᠢᠨᠠᠨ ᠪᠤᠳᠤᠬᠤ᠂ ᠪᠣᠯᠪᠠᠰᠤᠨ ᠢᠶᠠᠷ ᠬᠢᠨᠠᠨ ᠪᠤᠳᠤᠬᠤ ᠶᠢ ᠪᠡᠶᠡᠯᠡᠭᠦᠯᠵᠦ᠂ ᠬᠢᠨᠠᠨ ᠪᠤᠳᠤᠬᠤ ᠶᠠᠪᠤᠴᠠ ᠶᠢ ᠬᠡᠯᠪᠠᠶᠢᠭᠦᠦ ᠪᠠᠶᠢᠯᠭᠠᠬᠤ ᠥᠬᠡᠶ᠂ ᠬᠢᠨᠠᠨ ᠪᠤᠳᠤᠭᠰᠠᠨ ᠦᠷ᠎ᠡ ᠳ᠋ᠦᠩ ᠤᠨ ᠪᠤᠰᠤᠳᠴᠢ ᠲᠥᠪ ᠭᠤᠤᠯᠴᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃      ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠢᠨᠠᠨ ᠪᠤᠳᠤᠬᠤ ᠳᠤᠭᠤᠶᠢᠯᠠᠩ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠣᠪᠣᠷ ᠢᠶᠠᠨ ᠢᠯᠡᠳᠬᠡᠪᠡ᠃ ᠨᠢᠭᠡ ᠳᠤ᠂ ᠬᠢᠨᠠᠨ ᠪᠤᠳᠤᠬᠤ ᠬᠠᠤᠯᠢ ᠵᠢᠴᠢ ᠡᠯ᠎ᠡ ᠵᠦᠢᠯ ᠤᠨ ᠬᠢᠨᠠᠨ ᠪᠤᠳᠤᠬᠤ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠨᠠᠨ ᠪᠤᠳᠤᠬᠤ ᠳᠤᠭᠤᠶᠢᠯᠠᠩ ᠤᠨ ᠠᠵᠢᠯ ᠳᠤ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠬᠢᠨᠠᠨ ᠪᠤᠳᠤᠬᠤ ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠬᠢᠨᠠᠨ ᠪᠤᠳᠤᠬᠤ ᠠᠵᠢᠯ ᠳᠤ ᠢᠳᠡᠪᠬᠢᠲᠡᠶ ᠬᠠᠮᠵᠢᠯᠴᠠᠵᠤ᠂ ᠡᠯ᠎ᠡ ᠵᠦᠢᠯ ᠤᠨ ᠮᠠᠲ᠋ᠧᠷᠢᠶᠠᠯ ᠢ ᠴᠠᠭ ᠲᠤᠬᠠᠶ ᠳᠤᠨᠢ᠂ ᠪᠦᠷᠢᠨ ᠪᠦᠲᠦᠨ᠂ ᠪᠥᠬᠦ ᠲᠠᠯ᠎ᠠ ᠪᠠᠷ ᠬᠠᠩᠭᠠᠬᠤ ᠬᠡᠷᠡᠭᠲᠡᠶ᠃ ᠭᠤᠷᠪᠠ ᠳᠤ᠂ ᠬᠢᠨᠠᠨ ᠪᠤᠳᠤᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号