ᠣᠶᠢᠷ᠎ᠠ ᠳᠤ᠂ ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠤᠳᠤᠨ ᠨᠥᠬᠦᠷ ᠢᠦᠢ ᠴᠢᠤᠸᠠᠨ ᠲᠣᠭᠤᠷᠢᠭ ᠤᠨ 2024 ᠣᠨ ᠤ 8 | ᠳ᠋ᠤᠭᠠᠷ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ ᠡᠷᠬᠢᠯᠡᠨ | ᠬᠤᠷᠠᠯᠳᠤᠭᠤᠯᠪᠠ᠃ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ | ᠵᠦᠢᠯᠡᠰ ᠵᠢᠴᠢ ᠲᠤᠰᠬᠠᠶ ᠠᠵᠢᠯ ᠢ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠰᠢᠢᠳᠪᠦᠷᠢᠯᠡᠭᠰᠡᠨ ᠥᠬᠡᠶ ᠵᠦᠢᠯᠡᠰ ᠲᠤ ᠬᠡᠷᠡᠭ ᠳᠠᠷᠠᠭᠠᠯᠠᠨ ᠲᠣᠬᠢᠷᠠᠭᠤᠯᠤᠯᠲᠠ ᠬᠢᠵᠦ᠂ ᠲᠠᠷᠠᠭᠠᠴᠢ ᠶᠢᠨ | ᠠᠯᠬᠤᠮ ᠤᠨ ᠰᠢᠢᠳᠪᠦᠷᠢᠯᠡᠬᠦ ᠠᠵᠢᠯ ᠢ ᠥᠷᠨᠢᠭᠦᠯᠬᠦ ᠴᠢᠭᠯᠡᠯ ᠢ ᠲᠣᠳᠣᠷᠬᠠᠶᠢᠯᠠᠪᠠ᠃ | | | | | ᠬᠤᠷᠠᠯ ᠠᠴᠠ ᠵᠢᠭᠠᠨ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠢ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠢ ᠬᠠᠤᠯᠢᠵᠢᠭᠤᠯᠬᠤ ᠪᠠᠷ ᠭᠠᠷᠳᠠᠴᠠ ᠪᠣᠯᠭᠠᠵᠤ᠂ ︽ᠲᠠᠪᠤᠵᠢᠭᠤᠯᠬᠤ︾᠂ ︽ᠲᠦᠷᠪᠡ ᠶᠢ ᠪᠣᠳᠠᠲᠠᠶᠢᠵᠢᠭᠤᠯᠬᠤ | ︾ ᠶᠢᠨ ᠳᠣᠲᠣᠭᠠᠳᠤ ᠴᠥᠮ᠎ᠡ ᠶᠢᠨ ᠮᠥᠨ ᠴᠢᠨᠠᠷ ᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠢ᠃ ᠳᠡᠭᠡᠳᠦ ᠱᠠᠲᠤᠨ ᠠᠴᠠ | ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠲᠤ ᠴᠢᠭᠯᠡᠭᠦᠯᠦᠨ᠂ ᠤᠯᠤᠰ ᠲᠥᠷᠥ ᠶᠢᠨ ᠵᠣᠭᠰᠣᠴᠠ ᠪᠠᠨ | ᠦᠨᠡᠨ ᠬᠦ ᠳᠡᠭᠡᠭᠰᠢᠯᠡᠭᠦᠯᠵᠦ᠂ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ︽ᠳᠠᠷᠤᠢ ᠳᠤᠨᠢ | ᠲᠤᠰᠢᠶᠠᠵᠤ ᠳᠠᠷᠤᠢ ᠳᠤᠨᠢ ᠰᠢᠢᠳᠪᠦᠷᠢᠯᠡᠬᠦ︾ ᠶᠢ ᠪᠡᠶᠡᠯᠡᠭᠦᠯᠬᠦ ᠬᠡᠷᠡᠭᠲᠡᠶ᠃ ᠨᠢᠭᠡᠨᠲᠡ ᠰᠢᠢᠳᠪᠦᠷᠢᠯᠡᠭᠰᠡᠨ ᠵᠠᠬᠢᠳᠠᠯ | ᠰᠤᠷᠪᠤᠯᠵᠢᠯᠠᠯ ᠤᠨ ᠵᠦᠢᠯᠡᠰ ᠢ ᠨᠠᠷᠢᠨ ᠲᠣᠳᠣᠷᠬᠠᠶ ᠪᠠᠶᠢᠳᠠᠯ ᠤᠨ ᠳ᠋ᠦᠩᠨᠡᠯᠲᠡ ᠶᠢ ᠪᠤᠢ ᠪᠣᠯᠭᠠᠬᠤ ᠶᠢᠨ ᠬᠠᠮᠲᠤ ᠴᠠᠭ | ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠰᠢᠢᠳᠪᠦᠷᠢᠯᠡᠭᠰᠡᠨ ᠦᠭᠡᠶ ᠵᠠᠬᠢᠳᠠᠯ ᠰᠤᠷᠪᠤᠯᠵᠢᠯᠠᠯ ᠤᠨ ᠵᠦᠢᠯᠡᠰ ᠲᠤ | ᠡᠷᠬᠡᠪᠰᠢ ᠲᠣᠳᠣᠷᠬᠠᠶ ᠰᠢᠢᠳᠪᠦᠷᠢᠯᠡᠬᠦ ᠠᠷᠭ᠎ᠠ ᠵᠠᠮ ᠢ ᠰᠤᠳᠤᠯᠤᠨ ᠲᠣᠭᠲᠠᠭᠠᠵᠤ᠂ ᠣᠯᠠᠨ ᠲᠦᠮᠡᠨ ᠯᠦᠭᠡ ᠶᠢᠨ | ᠪᠠᠶᠢᠩᠭᠤᠵᠢᠭᠰᠠᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠤᠷᠲᠤ ᠬᠤᠭᠤᠴᠠᠭ᠎ᠠ ᠪᠠᠷ ᠰᠢᠮᠳᠠᠭᠤᠯᠤᠨ | ᠭᠦᠢᠴᠡᠳᠬᠡᠯᠭᠡᠬᠦ ᠬᠡᠷᠡᠭᠲᠡᠶ᠃ ᠵᠢᠭᠤᠷᠠᠯᠳᠤᠨ ᠰᠤᠷᠪᠤᠯᠵᠢᠯᠠᠬᠤ᠂ ᠦᠢᠮᠡᠭᠦᠯᠦᠨ ᠰᠤᠷᠪᠤᠯᠵᠢᠯᠠᠬᠤ᠂ ᠱᠠᠲᠤ ᠠᠯᠤᠰᠯᠠᠨ | ᠰᠤᠷᠪᠤᠯᠵᠢᠯᠠᠬᠤ᠂ ᠰᠤᠷᠪᠤᠯᠵᠢᠯᠠᠬᠤ ᠪᠠᠷ ᠳᠠᠷᠤᠯᠲᠠ ᠥᠭᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠷᠢᠭᠤᠴᠠᠯᠭᠠᠲᠤ ᠨᠢᠭᠡᠴᠢ ᠯᠦᠭᠡ ᠶᠢᠨ | ᠬᠠᠮᠵᠢᠯᠴᠠᠭ᠎ᠠ ᠪᠠᠨ ᠴᠢᠩᠭᠠᠳᠬᠠᠵᠤ᠂ ᠭᠡᠷᠡᠴᠢ ᠪᠠᠷᠢᠮᠲᠠ ᠶᠢ ᠴᠤᠭᠯᠠᠭᠤᠯᠤᠨ ᠲᠣᠭᠲᠠᠪᠤᠷᠢᠵᠢᠭᠤᠯᠵᠤ᠂ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠪᠣᠯᠤᠨ ᠳᠠᠭᠠᠭᠠᠨ ᠰᠢᠢᠳᠪᠦᠷᠢᠯᠡᠬᠦ ᠰᠠᠯᠠᠭ᠎ᠠ | ᠮᠥᠴᠢᠷ ᠤᠨ ᠬᠢᠨ ᠳᠥᠷᠪᠡᠨ ︽ᠴᠢᠩᠭ᠎ᠠ ᠠᠳᠬᠤᠬᠤ︾ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠶᠢ ᠪᠠᠶᠢᠩᠭᠤᠵᠢᠭᠤᠯᠤᠨ ᠠᠩᠬᠠᠷᠴᠤ ᠰᠢᠢᠳᠪᠦᠷᠢᠯᠡᠬᠦ ᠠᠵᠢᠯ ᠢ ᠴᠢᠩᠭ᠎ᠠ ᠠᠳᠬᠤᠵᠤ᠂ ᠭᠤᠤᠯᠳᠠᠯᠭ᠎ᠠ ᠲᠠᠢ | ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠠᠵᠢᠯ ᠢ ᠴᠢᠩᠭ᠎ᠠ ᠠᠳᠬᠤᠵᠤ᠂ ᠭᠤᠤᠯᠳᠠᠯᠭ᠎ᠠ ᠲᠠᠢ | ᠬᠥᠮᠦᠰ ᠢ ᠲᠣᠭᠲᠠᠭᠤᠨ ᠢᠶᠠᠷ ᠡᠵᠡᠮᠳᠡᠨ ᠨᠡᠪᠲᠡᠷᠡᠯᠴᠡᠬᠦ ᠠᠵᠢᠯ ᠢ ᠴᠢᠩᠭ᠎ᠠ ᠠᠳᠬᠤᠵᠤ᠂ ᠴᠢᠬᠤᠯᠠ ᠴᠠᠭ | ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠠᠶᠢᠵᠠᠮ ᠢ ᠡᠵᠡᠮᠳᠡᠬᠦ ᠠᠵᠢᠯ ᠢ ᠴᠢᠩᠭ᠎ᠠ ᠠᠳᠬᠤᠬᠤ ᠬᠡᠷᠡᠭᠲᠡᠶ᠃ | ᠡᠭᠦᠨ ᠤ ᠬᠠᠮᠲᠤ᠂ ᠵᠠᠬᠢᠳᠠᠯ ᠰᠤᠷᠪᠤᠯᠵᠢᠯᠠᠯ ᠤᠨ ᠺᠠᠳ᠋ᠷ ᠤᠨ ᠡᠩᠨᠡᠭᠡᠨ ᠤ ᠪᠦᠬᠦᠯᠢ ᠴᠣᠭᠴᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠨᠢᠭᠡ ᠪᠦᠯᠦᠭ ᠴᠢᠳᠠᠪᠤᠷᠢ ᠪᠠᠷ ᠴᠢᠩᠭ᠎ᠠ᠂ ᠬᠡᠪ ᠴᠢᠨᠠᠷ ᠢᠶᠠᠷ ᠥᠨᠳᠥᠷ ︽ᠬᠠᠮᠤᠭ ᠤᠨ ᠭᠤᠶᠤ | ᠵᠠᠬᠢᠳᠠᠯ ᠰᠤᠷᠪᠤᠯᠵᠢᠯᠠᠯ ᠤᠨ ᠺᠠᠳ᠋ᠷ︾ ᠢ ᠬᠥᠮᠦᠵᠢᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠪᠦᠬᠦ | ᠲᠤᠭᠤᠷᠢᠭ ᠤᠨ ᠬᠡᠪᠴᠢᠶᠡᠨ ᠳᠤ ᠰᠤᠷᠴᠤ ᠬᠠᠪᠰᠤᠷᠬᠤ ᠰᠢᠯᠢᠳᠡᠭ ᠰᠤᠷᠲᠠᠯ ᠢ ᠪᠤᠢ ᠪᠣᠯᠭᠠᠵᠤ᠂ ᠵᠠᠬᠢᠳᠠᠯ | ᠰᠤᠷᠪᠤᠯᠵᠢᠯᠠᠯ ᠤᠨ ᠺᠠᠳ᠋ᠷ ᠤᠨ ᠡᠩᠨᠡᠭᠡᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ | ᠬᠡᠷᠡᠭᠲᠡᠶ᠃ | ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |