ᠣᠶᠢᠷ᠎ᠠ ᠶᠢᠨ ᠵᠢᠯ ᠠᠴᠠ᠂ ᠢᠦᠶ ᠴᠢᠤᠸᠠᠨ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠳᠤᠮᠳᠠᠬᠢ ᠴᠣᠩᠬᠤᠪᠴᠢ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ | ᠪᠣᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠦᠨᠡᠨᠴᠢ ᠢᠲᠡᠭᠡᠮᠵᠢᠲᠡᠶ ᠵᠠᠰᠠᠭ ᠤᠨ ᠶᠠᠪᠤᠳᠠᠯ ᠢ ᠪᠥᠬᠦ | ᠬᠦᠴᠦᠨ ᠢᠶᠠᠷ ᠢᠶᠠᠨ ᠪᠣᠶ ᠪᠣᠯᠭᠠᠵᠤ᠂ ᠵᠠᠰᠠᠭ ᠤᠨ ᠶᠠᠪᠤᠳᠠᠯ ᠢ ᠵᠢᠷᠤᠮᠵᠢᠭᠤᠯᠤᠨ᠂ ᠣᠯᠠᠨ ᠲᠦᠮᠡᠨ ᠳᠤ ᠳᠥᠭᠦᠮ | ᠳᠥᠲᠡ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠪᠠ᠃ | | | | | ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠴᠢᠩᠭᠠᠳᠬᠠᠵᠤ᠂ ᠳᠥᠭᠦᠮ ᠳᠥᠲᠡ ᠦᠢᠯᠡᠴᠢᠯᠡᠭᠡ ᠬᠠᠩᠭᠠᠪᠠ᠃ | ᠦᠨᠡᠨᠴᠢ ᠢᠲᠡᠭᠡᠮᠵᠢ ᠶᠢᠨ ᠰᠠᠭᠤᠷᠢ ᠶᠢ ᠪᠠᠲᠤ ᠪᠣᠶ ᠪᠣᠯᠭᠠᠬᠤ ᠶᠢᠨ ᠲᠥᠯᠥᠭᠡ᠂ LED ᠡᠯᠧᠺᠲᠷᠣᠨ ᠳᠡᠯᠭᠡᠴᠡ ᠶᠢ | ᠡᠷᠭᠢᠯᠳᠦᠭᠦᠯᠦᠨ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠡᠨᠴᠢ ᠢᠲᠡᠭᠡᠮᠵᠢ ᠶᠢᠨ | ᠤᠬᠠᠭᠤᠯᠭ᠎ᠠ ᠶᠢ ᠥᠷᠨᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠬᠤ ᠶᠢᠨ ᠴᠢᠬᠤᠯᠠ ᠠᠴᠢ | ᠬᠤᠯᠪᠣᠭᠳᠠᠯ ᠢ ᠶᠡᠬᠡᠪᠡᠷ ᠤᠬᠠᠭᠤᠯᠵᠤ᠂ ᠥᠷᠭᠡᠨ ᠣᠯᠠᠨ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠢ | ᠬᠥᠲᠥᠯᠦᠨ ᠵᠢᠯᠣᠭᠤᠳᠴᠤ ᠪᠠᠶᠢᠭᠠᠳ ᠢᠲᠡᠭᠡᠮᠵᠢ ᠶᠢ ᠮᠡᠳᠡᠬᠦ᠂ ᠢᠲᠡᠭᠡᠮᠵᠢ ᠶᠢ ᠬᠡᠷᠡᠭᠯᠡᠬᠦ᠂ ᠢᠲᠡᠭᠡᠮᠵᠢ ᠲᠠᠢ | ᠪᠠᠶᠢᠯᠭᠠᠪᠠ᠃ ᠪᠣᠯᠪᠠᠰᠤᠨ ᠦᠨᠡᠨᠴᠢ ᠢᠲᠡᠭᠡᠮᠵᠢ ᠶᠢᠨ ᠴᠤᠩᠬᠤᠪᠴᠢ ᠳᠣᠭᠢᠷᠠᠭᠤᠯᠵᠤ᠂ ᠠᠵᠤ ᠠᠬᠤᠶᠢᠯᠠᠯ ᠤᠨ ᠣᠯᠠᠨ | ᠲᠦᠮᠡᠨ 0471 - 6300028 ᠪᠤᠶᠤ ᠰᠦᠯᠵᠢᠶᠡᠨ ᠭᠠᠳᠠᠨ᠎ᠠ ᠪᠠᠶᠢᠷᠢᠯᠠᠭᠤᠯᠤᠭᠰᠠᠨ ︽ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠤᠩᠬᠤᠪᠴᠢ ᠪᠠᠷ ᠠᠰᠠᠭᠤᠳᠠᠯ ᠢ ᠲᠤᠰᠬᠠᠬᠤ ᠠᠷᠭ᠎ᠠ | ᠮᠠᠶ᠋ᠢᠭ ᠢᠶᠠᠷ ᠳᠠᠮᠵᠢᠭᠤᠯᠤᠨ ᠭᠤᠮᠣᠳᠠᠯ ᠱᠠᠭᠠᠷᠳᠠᠯᠭ᠎ᠠ ᠪᠠᠨ ᠳᠤᠷᠠᠳᠴᠤ ᠪᠣᠯᠤᠨ᠎ᠠ᠃ ᠵᠠᠭᠠᠯᠳᠤᠯᠭ᠎ᠠ ᠶᠢᠨ ᠠᠷᠭ᠎ᠠ | ᠵᠠᠮ ᠤᠨ ᠰᠠᠭᠠᠳ ᠦᠭᠡᠢ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠢᠦᠢ | ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠠᠵᠢᠯ ᠤᠨ ᠡᠬᠡ ᠲᠠᠩᠰᠠ ᠶᠢ ᠪᠠᠶᠢᠭᠤᠯᠵᠤ᠂ ᠵᠠᠭᠠᠯᠳᠤᠯᠭ᠎ᠠ ᠶᠢᠨ | ᠠᠰᠠᠭᠤᠳᠠᠯ ᠢ ᠲᠦᠷᠦᠯ ᠬᠤᠪᠢᠶᠠᠨ ᠰᠢᠯᠵᠢᠭᠦᠯᠦᠨ ᠰᠢᠢᠳᠪᠦᠷᠢᠯᠡᠬᠦ ᠪᠠ ᠴᠡᠭᠴᠡᠯᠡᠨ ᠰᠠᠶᠢᠵᠢᠷᠠᠭᠤᠯᠵᠤ ᠬᠠᠷᠢᠭᠤ | ᠲᠤᠰᠬᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠤᠨᠢᠨ ᠳᠡᠭᠡᠷ᠎ᠡ ᠨᠢ ᠬᠦᠯᠢᠶᠡᠨ ᠠᠪᠴᠤ ᠰᠢᠢᠳᠪᠦᠷᠢᠯᠡᠬᠦ᠂ | ᠤᠨᠢᠨ ᠳᠡᠭᠡᠷ᠎ᠡ ᠨᠢ ᠰᠢᠯᠵᠢᠭᠦᠯᠦᠨ ᠰᠢᠢᠳᠪᠦᠷᠢᠯᠡᠬᠦ᠂ ᠤᠨᠢᠨ ᠳᠡᠭᠡᠷ᠎ᠡ ᠨᠢ ᠬᠠᠷᠢᠭᠤ ᠲᠤᠰᠬᠠᠬᠤ ᠶᠢ ᠪᠡᠶᠡᠯᠡᠭᠦᠯᠵᠦ᠂ ︽ | ᠬᠥᠮᠦᠨ ᠪᠦᠬᠦᠨ ᠢᠲᠡᠭᠡᠮᠵᠢᠲᠡᠢ ᠪᠠᠶᠢᠵᠤ᠂ ᠬᠥᠮᠦᠨ ᠪᠦᠬᠦᠨ ᠠᠮᠠᠯᠠᠯᠲᠠ ᠪᠠᠨ ᠪᠡᠶᠡᠯᠡᠭᠦᠯᠬᠦ︾ ᠭᠦᠨ ᠵᠤᠵᠠᠭᠠᠨ | ᠠᠭᠤᠷ ᠠᠮᠢᠰᠬᠤᠯ ᠢ ᠪᠤᠢ ᠪᠣᠯᠭᠠᠪᠠ᠃ ᠴᠣᠩᠬᠤᠪᠴᠢ ᠶᠢᠨ ᠠᠵᠢᠯᠲᠠᠨ ᠤ ᠵᠢᠯᠣᠭᠤᠳᠣᠯᠭ᠎ᠠ ᠪᠤᠯᠪᠠᠰᠤᠷᠠᠯ ᠢ | ᠴᠢᠩᠭᠠᠳᠬᠠᠵᠤ᠂ ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ ᠪᠠ ᠪᠣᠯᠪᠠᠰᠤᠨ ᠶᠣᠰᠣᠯᠠᠯ ᠤᠨ | ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠰᠠᠶᠢᠨ ᠰᠠᠶᠢᠬᠠᠨ ᠰᠤᠷᠲᠠᠯ ᠢᠶᠠᠷ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠬᠡᠷᠡᠭᠲᠡᠶ᠃ | | | | | ᠢᠲᠡᠭᠡᠮᠵᠢ ᠶᠢᠨ ᠠᠮᠠᠯᠠᠯᠲᠠ ᠶᠢ ᠬᠡᠷᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠢᠲᠡᠭᠡᠮᠵᠢ ᠶᠢᠨ ᠠᠮᠠᠯᠠᠯᠲᠠ ᠪᠠᠷ ᠬᠡᠷᠡᠭ ᠶᠠᠪᠤᠳᠠᠯ ᠤᠨ ᠬᠢᠨᠠᠨ ᠵᠥᠪᠰᠢᠶᠡᠷᠡᠯ ᠢ ᠠᠬᠢᠭᠤᠯᠵᠤ᠂ ᠢᠲᠡᠭᠡᠮᠵᠢ ᠶᠢᠨ | ᠠᠮᠠᠯᠠᠯᠲᠠ ᠶᠢ ︽ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ ︽ᠳᠤᠲᠠᠭᠤ ᠶᠢ ᠭᠥᠯᠢᠶᠡᠨ ᠠᠪᠴᠤ | ᠰᠢᠢᠳᠪᠦᠷᠢᠯᠡᠬᠦ︾ ᠶᠢ ᠬᠡᠷᠡᠭᠵᠢᠭᠦᠯᠬᠦ ᠴᠢᠬᠤᠯᠠ ᠠᠷᠭ᠎ᠠ ᠪᠠᠷᠢᠯ ᠪᠣᠯᠭᠠᠵᠤ᠂ ︽ᠢᠲᠡᠭᠡᠮᠵᠢ ᠶᠢᠨ ᠠᠮᠠᠯᠠᠯᠲᠠ + | ᠠᠯᠤᠰ ᠠᠴᠠ ᠬᠠᠶᠢᠨ ᠰᠢᠯᠭᠠᠬᠤ︾ ᠶᠢ ᠬᠡᠷᠡᠭᠵᠢᠭᠦᠯᠪᠡ᠃ ᠬᠡᠰᠡᠭ ᠲᠤᠬᠠᠶ ᠶᠢᠨ ᠲᠠᠯᠠᠪᠤᠷ ᠲᠤ ᠳᠥᠭᠦᠮ᠂ ᠴᠣᠪᠣᠷᠠᠯ | ᠳᠥᠭᠦᠮ ᠵᠦᠢᠯᠡᠰ ᠲᠤ ᠴᠢᠭᠯᠡᠭᠦᠯᠦᠨ ᠠᠯᠤᠰ ᠠᠴᠠ ᠬᠠᠶᠢᠨ ᠰᠢᠯᠭᠠᠬᠤ ᠶᠢ ᠥᠷᠨᠢᠭᠦᠯᠵᠦ᠂ ᠬᠢᠨᠠᠨ ᠵᠥᠪᠰᠢᠶᠡᠷᠡᠬᠦ | ᠭᠠᠷᠳᠠᠮ ᠪᠠ ᠶᠠᠪᠤᠴᠠ ᠶᠢ ᠳᠥᠭᠦᠮᠴᠢᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾ ᠶᠢ | ᠢᠳᠡᠪᠬᠢᠲᠡᠶ ᠠᠬᠢᠭᠤᠯᠵᠤ᠂ ︽ᠤᠷᠢᠳᠠᠪᠠᠷ ᠠᠰᠠᠭᠤᠬᠤ ᠬᠠᠷᠢᠭᠤᠴᠠᠯᠭ᠎ᠠ ᠶᠢᠨ ᠲᠦᠷᠢᠮ᠂ ᠦᠢᠯᠡᠴᠢᠯᠡᠭᠡᠨ ᠤ | ᠠᠮᠠᠯᠠᠯᠲᠠ ᠶᠢᠨ ᠲᠦᠷᠢᠮ᠂ ᠴᠠᠭ ᠬᠢᠵᠠᠭᠠᠷᠯᠠᠨ ᠭᠦᠢᠴᠡᠳᠭᠡᠵᠦ ᠳᠠᠭᠤᠰᠬᠠᠬᠤ ᠲᠦᠷᠢᠮ᠂ ᠨᠢᠭᠡ ᠯᠡ ᠤᠳᠠᠭ᠎ᠠ ᠳᠤ | ᠮᠡᠳᠡᠭᠳᠡᠬᠦ ᠲᠦᠷᠢᠮ︾ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠬᠠᠯᠠᠭᠤᠮᠰᠤᠭ ᠢᠶᠠᠷ | ᠦᠢᠯᠡᠴᠢᠯᠡᠵᠦ᠂ ᠠᠷᠢᠭᠤᠨ ᠴᠢᠬᠡᠴᠢ ᠥᠨᠳᠥᠷ ᠪᠦᠲᠦᠮᠵᠢᠲᠡᠶ ᠪᠠᠶᠢᠬᠤ ᠶᠢ ᠪᠡᠶᠡᠯᠡᠭᠦᠯᠪᠡ᠃ ᠬᠢᠨᠠᠨ ᠵᠥᠪᠰᠢᠶᠡᠷᠡᠬᠦ | ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠢᠦᠶ ᠴᠢᠤᠸᠠᠨ ᠲᠣᠭᠤᠷᠢᠭ ᠤᠨ ︽ᠬᠤᠶᠠᠷ ᠰᠢᠯᠢᠳᠡᠭ︾ ᠦᠷ᠎ᠡ | ᠪᠦᠲᠦᠭᠡᠯ ᠨᠡᠶᠢᠲᠡ 16 ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢᠭᠡᠴᠢ ᠶᠢ ᠬᠠᠮᠤᠷᠴᠤ᠂ ︽ᠶᠡᠷᠦᠩᠬᠡᠶᠢᠯᠡᠭᠰᠡᠨ | ᠴᠣᠩᠬᠤᠪᠴᠢ︾ ᠶᠢᠨ ᠥᠭᠡᠷᠡᠴᠢᠯᠡᠯᠲᠡ᠂ ︽ᠨᠢᠭᠡ ᠯᠡ ᠤᠳᠠᠭ᠎ᠠ ᠳᠤ ᠭᠦᠢᠴᠡᠳᠭᠡᠬᠦ︾ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠣᠲᠣ ᠨᠡᠶᠢᠲᠡ 423 ᠵᠦᠢᠯᠡᠰ ᠢ ᠰᠢᠯᠢᠳᠡᠭᠵᠢᠭᠦᠯᠵᠦ᠂ ︽ᠴᠢᠬᠤᠯᠠ ᠨᠥᠬᠦᠴᠡᠯ ᠢ ᠪᠠᠭᠠᠰᠬᠠᠬᠤ᠂ | ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ︾ ᠲᠠᠯ᠎ᠠ ᠪᠠᠷ᠂ ᠠᠵᠢᠯ ᠶᠠᠪᠤᠳᠠᠯ ᠭᠦᠢᠴᠡᠳᠭᠡᠬᠦ | ᠴᠢᠬᠤᠯᠠ ᠨᠥᠬᠦᠴᠡᠯ ᠢ 127 ᠬᠤᠪᠢ ᠴᠣᠮᠬᠠᠳᠬᠠᠪᠠ᠃ ᠡᠭᠦᠨ ᠤ ᠬᠠᠮᠲᠤ᠂ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ︽ᠡᠵᠡᠩᠨᠡᠯᠲᠡ ᠶᠢᠨ ᠦᠨᠡᠮᠯᠡᠯ + ᠢᠳᠡᠭᠡᠨ ᠤ ᠡᠵᠡᠩᠨᠡᠯᠲᠡ ᠶᠢᠨ | ᠵᠥᠪᠰᠢᠶᠡᠷᠡᠯ ᠤᠨ ᠦᠨᠡᠮᠯᠡᠯ ᠢ ᠬᠦᠴᠦᠨ ᠥᠬᠡᠶ ᠪᠣᠯᠭᠠᠬᠤ︾ ᠵᠡᠷᠭᠡ 13 ︽ᠨᠢᠭᠡ ᠯᠡ ᠤᠳᠠᠭ᠎ᠠ ᠳᠤ ᠭᠦᠢᠴᠡᠳᠭᠡᠬᠦ︾ | ᠵᠦᠢᠯᠡᠰ ᠲᠤ ᠢᠳᠡᠪᠬᠢᠲᠡᠶ ᠪᠠᠷ ᠰᠢᠨ᠎ᠡ ᠶᠢ ᠡᠭᠦᠳᠪᠡ᠃ | | | | | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠨᠠᠶᠢᠳᠠᠪᠤᠷᠢᠵᠢᠭᠤᠯᠵᠤ᠂ ᠠᠷᠠᠳ ᠲᠤ ᠳᠥᠭᠦᠮ ᠦᠵᠡᠭᠦᠯᠵᠦ | ᠠᠷᠠᠳ ᠲᠤ ᠠᠰᠢᠭ ᠬᠦᠷᠲᠡᠭᠡᠬᠦ ᠶᠢ ᠢᠯᠡ ᠪᠤᠯᠭᠠᠪᠠ᠃ ᠶᠡᠭᠡ ᠲᠢᠩᠬᠢᠮ ᠤᠨ ᠡᠯᠧᠺᠲᠷᠣᠨ ᠳᠡᠯᠭᠡᠴᠡ᠂ ᠲᠧᠯᠸᠢᠰ | ᠵᠡᠷᠭᠡ ᠶᠢ ᠭᠦᠢᠴᠡᠳ ᠠᠰᠢᠭᠯᠠᠨ᠂ ᠶᠡᠭᠡ ᠲᠢᠩᠬᠢᠮ ᠤᠨ ᠴᠣᠩᠬᠤᠪᠴᠢ ᠶᠢᠨ ᠦᠢᠯᠡᠴᠢᠯᠡᠭᠡᠨ ᠤ ᠳ᠋ᠢᠶᠠᠩᠬᠤᠸᠠ᠂ | ᠣᠷᠣᠵᠤ ᠰᠠᠭᠤᠬᠤ ᠵᠦᠢᠯᠡᠰ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠵᠢᠴᠢ ᠣᠯᠠᠨ ᠲᠦᠮᠡᠨ ᠤ ᠠᠩᠬᠠᠷᠴᠤ | ᠪᠠᠶᠢᠭ᠎ᠠ ᠵᠦᠢᠯᠡᠰ ᠢ ᠴᠠᠭ ᠲᠤᠬᠠᠶ ᠳᠤᠨᠢ ᠢᠯᠡ ᠨᠡᠶᠢᠲᠡᠯᠡᠪᠡ᠃ ᠶᠡᠭᠡ ᠲᠢᠩᠬᠢᠮ ᠳᠤ ᠴᠠᠭ ᠲᠤᠬᠠᠶ ᠳᠤᠨᠢ | ᠬᠠᠷᠠᠭᠠᠯᠵᠠᠭᠰᠠᠨ ᠦᠢᠯᠡᠴᠢᠯᠡᠭᠡᠨ ᠤ ᠵᠦᠭᠯᠡᠭᠦᠷ ᠭᠠᠷᠭᠠᠵᠤ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ | ᠭᠦᠢᠴᠡᠳᠭᠡᠬᠦ ᠵᠦᠢᠯᠡᠰ ᠢ ᠬᠦᠯᠢᠶᠡᠨ ᠠᠪᠴᠤ ᠭᠦᠢᠴᠡᠳᠭᠡᠬᠦ ᠨᠢᠭᠡᠴᠢ᠂ ᠭᠦᠢᠴᠡᠳᠭᠡᠬᠦ ᠠᠷᠭ᠎ᠠ ᠵᠠᠮ᠂ ᠭᠤᠶᠤᠴᠢᠯᠠᠬᠤ | ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠭᠡᠬᠦ ᠳᠡᠰ ᠳᠠᠷᠠᠭᠠᠯᠠᠯ᠂ ᠭᠦᠢᠴᠡᠳᠭᠡᠬᠦ ᠴᠠᠭ ᠤᠨ ᠬᠢᠵᠠᠭᠠᠷ | ᠵᠡᠷᠭᠡ ᠮᠡᠳᠡᠭᠡ ᠵᠠᠩᠭᠢ ᠶᠢ ᠲᠦᠷᠭᠡᠨ ᠪᠠᠶᠢᠴᠠᠭᠠᠨ ᠯᠠᠪᠯᠠᠵᠤ᠂ ᠴᠣᠩᠬᠤᠪᠴᠢ ᠶᠢᠨ ᠦᠢᠯᠡᠴᠢᠯᠡᠭᠡᠨ ᠤ | ᠳᠥᠭᠦᠮᠴᠢᠯᠡᠯᠲᠡ ᠶᠢ ᠠᠬᠢᠭᠤᠯᠤᠨ᠂ ᠠᠳᠠᠯᠢ ᠨᠢᠭᠡᠨ ᠵᠦᠢᠯᠡᠰ ᠢ ᠢᠯᠭᠠᠭ᠎ᠠ ᠥᠬᠡᠶ ᠭᠥᠯᠢᠶᠡᠨ ᠠᠪᠴᠤ ᠰᠢᠢᠳᠪᠦᠷᠢᠯᠡᠬᠦ᠂ | ᠠᠳᠠᠯᠢ ᠪᠠᠷᠢᠮᠵᠢᠶ᠎ᠠ ᠪᠠᠷ ᠭᠦᠢᠴᠡᠳᠭᠡᠬᠦ ᠶᠢ ᠬᠡᠷᠡᠭᠵᠢᠭᠦᠯᠪᠡ᠃ ᠣᠯᠠᠨ ᠲᠦᠮᠡᠨ ᠤ ᠰᠠᠨᠠᠯ ᠤᠨ ᠬᠠᠶᠢᠷᠴᠠᠭ ᠢ | ᠳᠣᠭᠢᠷᠠᠭᠤᠯᠵᠤ᠂ ᠵᠠᠭᠠᠯᠳᠤᠯᠭ᠎ᠠ ᠶᠢ ᠰᠢᠢᠳᠪᠦᠷᠢᠯᠡᠬᠦ ᠲᠣᠭᠲᠠᠴᠠ᠂ ᠠᠵᠢᠯ ᠲᠥᠷᠥᠯ ᠤᠨ ᠵᠢᠷᠤᠮᠵᠢᠯ᠂ ᠠᠵᠢᠯ ᠶᠠᠪᠤᠳᠠᠯ | ᠭᠦᠢᠴᠡᠳᠬᠡᠬᠦ ᠲᠦᠷᠢᠮ᠂ ᠦᠢᠯᠡᠴᠢᠯᠡᠭᠡᠨ ᠤ ᠠᠮᠠᠯᠠᠯᠲᠠ ᠶᠢ ᠡᠯᠭᠦᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠯᠠᠪᠳᠠᠭᠤᠨ ᠪᠠᠲᠤᠲᠠᠶ ᠠᠬᠢᠭᠤᠯᠵᠤ᠂ ᠥᠷᠭᠡᠨ ᠣᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ | ᠬᠥᠮᠦᠨ ᠨᠡᠶᠢᠭᠡᠮ ᠤᠨ ᠬᠠᠯᠠᠮᠵᠢᠯᠠᠯ ᠢ ᠴᠢᠩᠭᠠᠳᠬᠠᠵᠤ ᠵᠠᠰᠠᠭ ᠪᠠᠩᠬᠢ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠠᠬᠢᠭᠤᠯᠪᠠ᠃ ᠢᠦᠢ ᠴᠢᠤᠸᠠᠨ ᠲᠣᠭᠤᠷᠢᠭ ᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠢ | ᠪᠦᠷᠢᠨᠰᠢᠭᠦᠯᠪᠡ᠃ ᠢᠦᠢ ᠴᠢᠤᠸᠠᠨ ᠲᠣᠭᠤᠷᠢᠭ ᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠳᠤ 428 | ᠵᠦᠢᠯ ᠤᠨ ᠵᠦᠢᠯᠡᠰ᠂ 440 ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠤᠰᠬᠠᠢ ᠲᠤᠰᠢᠶᠠᠯᠲᠠᠨ ᠢ | ᠲᠤᠬᠢᠷᠠᠭᠤᠯᠵᠤ᠂ ᠡᠭᠦᠨ ᠳᠤ ᠢᠦᠢ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠳᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ 15 ᠬᠥᠮᠦᠨ ᠤ ᠠᠩᠭᠢ ᠶᠢ ᠵᠣᠬᠢᠶᠠᠨ | ᠪᠠᠶᠢᠭᠤᠯᠪᠠ᠃ ᠲᠤᠰᠬᠠᠶ ᠲᠤᠰᠢᠶᠠᠯᠲᠤ ᠦᠢᠯᠡᠴᠢᠯᠡᠭᠡᠨ ᠤ ᠠᠵᠢᠯᠲᠠᠨ ᠳᠣᠭᠢᠷᠠᠭᠤᠯᠵᠤ᠂ ᠣᠨᠴᠠᠭᠠᠶ ᠬᠠᠮᠲᠤᠯᠢᠭ ᠲᠤ | ᠨᠢᠭᠡ ᠨᠢᠭᠡ ᠪᠠᠷ ᠦᠢᠯᠡᠴᠢᠯᠡᠭᠡ ᠬᠠᠩᠭᠠᠵᠤ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠬᠦᠰᠦᠨᠦᠭᠲᠦ ᠶᠢ | ᠲᠠᠭᠯᠠᠬᠤ᠂ ᠮᠠᠲ᠋ᠧᠷᠢᠶᠠᠯ ᠪᠡᠯᠡᠳᠬᠡᠬᠦ ᠵᠡᠷᠭᠡ ᠶᠢ ᠬᠠᠪᠰᠤᠷᠴᠤ᠂ ᠲᠡᠳᠡᠨ ᠳᠤ ᠨᠠᠷᠢᠨ ᠨᠢᠮᠪᠠᠶ ᠬᠠᠶᠢᠷ᠎ᠠ ᠬᠠᠯᠠᠮᠵᠢ ᠵᠡᠷᠭᠡ | ᠬᠦᠮᠦᠯᠢᠭ ᠦᠢᠯᠡᠴᠢᠯᠡᠭᠡ ᠣᠯᠭᠤᠪᠠ᠃ 2024 ᠣᠨ ᠳᠤ᠂ ᠢᠦᠢ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠤᠪᠴᠢᠶ᠎ᠠ ᠨᠢ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠢ ᠢᠳᠡᠪᠬᠢᠲᠡᠢ ᠠᠬᠢᠭᠤᠯᠵᠤ᠂ | ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠥᠬᠡᠬᠤᠲᠠ ᠶᠢᠨ ᠡᠭᠦᠯᠡᠨ ᠳᠤᠮᠳᠠ ᠵᠠᠮ ᠤᠨ ᠰᠠᠯᠪᠤᠷᠢ ᠪᠠᠩᠬᠢ᠂ | ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠪᠠᠩᠬᠢ ᠶᠢᠨ ᠬᠥᠬᠡᠬᠤᠲᠠ ᠶᠢᠨ ᠲᠡᠷᠬᠡᠨ ᠦᠷᠲᠡᠭᠡᠨ ᠤ | ᠪᠠᠷᠠᠭᠤᠨ ᠵᠡᠭᠡᠯᠢ ᠶᠢᠨ ᠰᠠᠯᠪᠤᠷᠢ ᠪᠠᠩᠬᠢ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ | ᠬᠥᠬᠡᠬᠤᠲᠠ ᠶᠢᠨ ᠲᠠᠪᠤᠨ ᠰᠤᠪᠤᠷᠭᠠᠲᠤ ᠰᠦᠮ᠎ᠡ ᠶᠢᠨ ᠵᠡᠭᠦᠨ ᠵᠡᠭᠡᠯᠢ ᠶᠢᠨ ᠰᠠᠯᠪᠤᠷᠢ ᠪᠠᠩᠬᠢ᠂ ᠳᠤᠮᠳᠠᠳᠤ ᠤᠯᠤᠰ ᠤᠨ | ᠨᠢᠭᠡᠳᠦᠮᠡᠯ ᠬᠤᠯᠪᠣᠭ᠎ᠠ ᠶᠢᠨ ᠢᠦᠢ ᠴᠢᠦᠸᠠᠨ ᠲᠣᠭᠤᠷᠢᠭ ᠤᠨ ᠬᠤᠪᠢᠶᠠᠷᠢ ᠺᠣᠮᠫᠠᠨᠢ᠂ ᠴᠢ ᠼᠠᠢ ᠴᠧᠩ | ᠬᠤᠳᠠᠯᠳᠤᠭᠠᠨ ᠤ ᠲᠥᠪ᠂ ᠬᠤᠸᠠ ᠮᠧᠢ ᠮᠠᠰᠢᠨ ᠲᠡᠷᠭᠡᠨ ᠤ ᠰᠡᠯᠪᠢᠭ ᠲᠤᠨᠤᠭ ᠤᠨ ᠬᠤᠳᠠ᠂ ᠬᠥᠬᠡᠬᠤᠲᠠ ᠶᠢᠨ ᠮᠧᠢ | ᠲᠦᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠺᠠᠶᠢᠳᠧ MAII ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠣᠣᠷ ᠴᠡᠭ ᠭᠠᠷᠭᠠᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢ ᠪᠠᠶᠢᠭᠤᠯᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ᠂ ᠢᠳᠡᠭᠡᠨ ᠤ | ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠵᠡᠷᠭᠡ 50 ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠲᠤᠬᠠᠶᠢᠯᠠᠭᠰᠠᠨ ᠠᠵᠢᠯ ᠤᠨ ᠯᠠᠪᠯᠠᠯᠭ᠎ᠠ᠂ ᠮᠠᠲ᠋ᠧᠷᠢᠶᠠᠯ ᠢ ᠭᠥᠯᠢᠶᠡᠨ ᠠᠪᠴᠤ | ᠰᠢᠢᠳᠪᠦᠷᠢᠯᠡᠬᠦ᠂ ᠰᠢᠯᠵᠢᠭᠦᠯᠦᠨ ᠵᠣᠯᠭᠠᠭᠤᠯᠬᠤ ᠵᠡᠷᠭᠡ ᠦᠢᠯᠡᠴᠢᠯᠡᠭᠡ ᠶᠢ ᠬᠠᠩᠭᠠᠵᠤ᠂ ᠠᠵᠢᠯ ᠶᠠᠪᠤᠳᠠᠯ ᠭᠦᠢᠴᠡᠳᠬᠡᠬᠦ | ᠣᠯᠠᠨ ᠲᠦᠮᠡᠨ ᠳᠤ ᠵᠠᠰᠠᠭ ᠤᠨ ᠶᠠᠪᠤᠳᠠᠯ ᠤᠨ ᠴᠤ᠋ ᠰᠢᠨ᠎ᠡ ᠣᠶᠢᠯᠠᠭᠠᠯᠲᠠ ᠶᠢ ᠠᠪᠴᠢᠷᠠᠭᠰᠠᠨ ᠪᠠᠶᠢᠨ᠎ᠠ᠃ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |