ᠣᠳᠣ ᠦᠶ᠎ᠡ ᠶᠢᠨ ᠵᠦᠴᠦᠭᠡ ︽ᠠᠯᠲᠠ ᠠᠴᠠ ᠦᠨᠡᠲᠡᠢ ᠠᠮᠠᠯᠠᠯᠲᠠ︾ ᠶᠢ ᠠᠩᠬ᠎ᠠ ᠲᠤᠭᠯᠠᠪᠠ
ᠨᠡᠶᠢᠲᠡᠯᠡᠭᠰᠡᠨ ᠴᠠᠭ᠄
2024/7/9
     7 ᠳ᠋ᠤᠭᠠᠷ ᠰᠠᠷ᠎ᠠ ᠶᠢᠨ 6 ᠤ ᠡᠳᠦᠷ᠂ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠪᠦᠲᠦᠭᠡᠭᠰᠡᠨ ᠣᠳᠣ ᠦᠶ᠎ᠡ ᠶᠢᠨ ᠵᠦᠴᠦᠭᠡ ︽ᠠᠯᠲᠠ ᠠᠴᠠ ᠦᠨᠡᠲᠡᠢ ᠠᠮᠠᠯᠠᠯᠲᠠ︾ ᠶᠢ ᠬᠥᠬᠡᠬᠤᠲᠠ ᠶᠢᠨ ᠦᠨᠳᠦᠰᠦᠲᠡᠨ ᠤ ᠵᠦᠴᠦᠭᠡ ᠶᠢᠨ ᠲᠠᠯᠠᠪᠠᠢ ᠳᠤ ᠠᠩᠬ᠎ᠠ ᠲᠤᠭᠯᠠᠪᠠ᠃
     ᠲᠤᠰ ᠵᠦᠴᠦᠭᠡ ᠨᠢ ︽ᠥᠪᠥᠷ ᠮᠣᠩᠭᠤᠯ ᠤᠨ ᠰᠠᠶᠢᠨ ᠬᠥᠮᠦᠨ︾ ᠾᠥᠸᠧ ᠱᠢ ᠵᠤ᠋ ᠶᠢᠨ ᠶᠠᠳᠠᠭᠤ ᠠᠴᠠ ᠠᠩᠭᠢᠵᠢᠷᠠᠨ ᠪᠠᠶᠠᠵᠢᠵᠤ᠂ ᠦᠷᠡᠭᠳᠡᠭᠰᠡᠨ ᠦᠷ᠎ᠡ ᠪᠠᠨ ᠣᠷᠣᠯᠠᠵᠤ ᠦᠷᠢ ᠲᠦᠯᠦᠭᠰᠡᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠪᠠᠷ ᠤᠤᠯ ᠳᠦᠷᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷᠡᠬᠢ ᠡᠩ ᠤᠨ ᠲᠠᠷᠢᠶᠠᠴᠢᠳ ᠤᠨ ᠨᠠᠮ ᠤᠨ ᠳᠠᠭᠠᠭᠤᠯᠭ᠎ᠠ ᠳᠣᠤᠷ᠎ᠠ ᠶᠠᠳᠠᠭᠤ ᠠᠴᠠ ᠠᠩᠭᠢᠵᠢᠷᠠᠨ ᠪᠠᠶᠠᠵᠢᠭᠰᠠᠨ ᠥᠯᠢᠭᠡᠷ ᠢ ᠶᠠᠷᠢᠵᠤ᠂ ᠰᠢᠨ᠎ᠡ ᠴᠠᠭ ᠦᠶ᠎ᠡ ᠶᠢᠨ ᠲᠠᠷᠢᠶᠠᠴᠢᠨ ᠤ ᠠᠵᠢᠯᠴᠢ ᠪᠣᠷᠣᠭᠵᠢᠭᠤᠨ᠂ ᠦᠨᠡᠨᠴᠢ ᠢᠲᠡᠭᠡᠮᠵᠢᠲᠡᠶ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠡᠷᠬᠢᠮ ᠨᠠᠨᠳᠢᠨ ᠵᠠᠩ ᠴᠢᠨᠠᠷ ᠢ ᠮᠠᠭᠲᠠᠨ ᠳᠠᠭᠤᠯᠠᠪᠠ᠃      ᠵᠦᠴᠦᠭᠡ ᠶᠢᠨ ᠳᠣᠲᠣᠷᠠᠬᠢ ᠬᠥᠮᠦᠰ ᠤᠨ ᠨᠤᠲᠤᠭ ᠤᠨ ᠬᠡᠯᠡᠨ ᠤ ᠳᠠᠭᠤᠯᠠᠬᠤ ᠠᠶ᠎ᠠ ᠪᠠ ᠬᠤᠪᠴᠠᠰᠤ ᠵᠠᠰᠠᠯ ᠨᠢ ᠬᠤᠶᠠᠷ ᠬᠥᠮᠥᠨ ᠤ ᠡᠯᠭᠦᠭᠡ ᠤᠷᠠᠯᠢᠭ ᠤᠨ ᠥᠪᠡᠷᠮᠢᠴᠡ ᠲᠠᠲᠠᠬᠤ ᠬᠦᠴᠦᠨ ᠢ ᠢᠯᠡᠷᠡᠭᠦᠯᠵᠦ᠂ ᠦᠴᠤᠸᠠᠨ ᠰᠢᠶᠠᠨ ᠤ ᠣᠷᠣᠨ ᠨᠤᠲᠤᠭ ᠤᠨ ᠣᠨᠴᠠᠯᠢᠭ ᠢ ᠬᠠᠳᠠᠭᠠᠯᠠᠬᠤ ᠶᠢᠨ ᠬᠠᠮᠲᠤ᠂ ᠣᠳᠣ ᠦᠶ᠎ᠡ ᠶᠢᠨ ᠡᠯᠧᠮᠧᠨ᠋ᠲ ᠢ ᠠᠭᠤᠰᠤᠭᠤᠯᠵᠤ᠂ ᠪᠦᠬᠦ ᠵᠦᠴᠦᠭᠡ ᠶᠢ ᠬᠥᠳᠡᠭᠡ ᠲᠤᠰᠬᠤᠨ ᠤ ᠬᠡᠪ ᠨᠠᠮᠪᠠ ᠶᠢ ᠬᠠᠳᠠᠭᠠᠯᠠᠭᠰᠠᠨ ᠪᠥᠭᠡᠳ ᠪᠠᠰᠠ ᠣᠳᠣ ᠦᠶ᠎ᠡ ᠶᠢᠨ ᠲᠥᠷᠥᠭᠳᠡᠯ ᠢ ᠠᠯᠳᠠᠬᠤ ᠦᠭᠡᠢ ᠪᠣᠯᠭᠠᠵᠠᠢ᠃ ᠦᠵᠡᠭᠴᠢᠳ ᠲᠣᠭᠯᠠᠭᠴᠢᠳ ᠤᠨ ᠨᠠᠷᠢᠯᠢᠭ ᠲᠣᠭᠯᠠᠯᠲᠠ ᠳᠤ ᠭᠦᠨ ᠲᠠᠲᠠᠭᠳᠠᠵᠤ᠂ ᠪᠠᠶᠢᠨ ᠳᠠᠬᠢᠨ ᠬᠠᠯᠠᠭᠤᠨ ᠠᠯᠠᠭ᠎ᠠ ᠲᠠᠰᠢᠵᠠᠭᠠᠪᠠ᠃ ᠳᠠᠳᠤᠯᠭ᠎ᠠ ᠶᠢᠨ ᠰᠤᠷᠪᠤᠯᠵᠢᠯᠠᠭᠴᠢ ᠬᠤᠤ ᠰᠢᠤᠢ ᠵᠢᠶᠧ ᠳᠠᠳᠤᠯᠭ᠎ᠠ ᠶᠢᠨ ᠰᠤᠷᠤᠭᠴᠢ ᠯᠢᠦ ᠢ ᠬᠠᠨ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号