ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠳᠡᠭᠡᠰᠦ ᠲᠠᠲᠠᠬᠤ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/7/9
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠡᠩᠨᠡᠭᠡ ᠶᠢᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠳᠡᠭᠡᠭᠰᠢᠯᠡᠭᠦᠯᠵᠦ᠂ ᠪᠦᠬᠦ ᠪᠠᠶᠢᠭᠤᠯᠭ᠎ᠠ ᠶᠢᠨ ᠺᠠᠳ᠋ᠷᠴᠤᠳ ᠤᠨ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠶᠢ ᠳᠡᠭᠡᠭᠰᠢᠯᠡᠭᠦᠯᠵᠦ᠂ ᠬᠤᠳᠠ ᠶᠢᠨ ᠬᠠᠮᠢᠶᠠᠷᠤᠯᠲᠠ ᠶᠢᠨ ᠭᠡᠰᠢᠭᠦᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠶᠢᠨ ᠲᠦᠯᠦᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠳᠡᠭᠡᠰᠦ ᠲᠠᠲᠠᠬᠤ ᠤᠷᠤᠯᠳᠤᠭᠠᠨ ᠡᠷᠭᠢᠯᠡᠪᠡ᠃
     ᠲᠣᠰ ᠤᠳᠠᠭᠠᠨ ᠤ ᠤᠷᠤᠯᠳᠤᠭᠠᠨ ᠳᠤ ᠨᠡᠶᠢᠲᠡ 8 ᠲᠥᠯᠥᠭᠡᠯᠡᠭᠴᠢᠳ ᠤᠨ ᠠᠩᠭᠢ ᠣᠷᠣᠯᠴᠠᠵᠤ᠂ ᠠᠩᠭᠢ ᠪᠦᠷᠢ ᠨᠢ 1 ᠳᠤᠭᠤᠶᠢᠯᠠᠩ ᠳᠠᠭᠠᠭᠤᠯᠤᠭᠴᠢ ᠪᠠ 13 ᠨᠡᠷᠡᠰ ᠭᠡᠰᠢᠭᠦᠨ ᠢᠶᠠᠷ ᠪᠦᠷᠢᠯᠳᠦᠵᠡᠶ᠃ ᠤᠷᠤᠯᠳᠤᠭᠠᠨ ᠳᠤ ᠨᠢᠭᠡ ᠬᠤᠶᠠᠷ ᠱᠠᠲᠤᠨ ᠤ ᠰᠢᠪᠠᠭ᠎ᠠ ᠰᠤᠭᠤᠯᠬᠤ ᠰᠢᠢᠳᠪᠦᠷᠢᠲᠦ ᠤᠷᠤᠯᠳᠤᠭᠠᠨ ᠤ ᠳᠦᠷᠢᠮ ᠢ ᠬᠡᠷᠡᠭᠵᠢᠭᠦᠯᠵᠦ᠂ ᠬᠠᠮᠤᠭ ᠰᠡᠭᠦᠯ ᠳᠤ ᠲᠡᠷᠢᠭᠦᠨ ᠳᠡᠳ᠋ ᠭᠤᠷᠪᠠᠳᠤᠭᠠᠷ ᠲᠤ ᠣᠷᠣᠵᠠᠢ᠃
     ᠭᠤᠣᠯ ᠬᠢᠨᠠᠭᠴᠢ ᠶᠢᠨ ᠱᠦᠭᠯᠦ ᠳᠤᠤᠭᠠᠷᠬᠤ ᠶᠢ ᠳᠠᠭᠠᠯᠳᠤᠨ᠂ ᠤᠷᠤᠯᠳᠤᠭᠠᠨ ᠵᠢᠩᠬᠢᠨᠢ ᠪᠠᠷ ᠡᠬᠢᠯᠡᠪᠡ᠃ ᠲᠠᠮᠢᠷᠴᠢᠳ ᠨᠢᠭᠡ ᠨᠢᠭᠡ ᠪᠠᠷ ᠢᠶᠠᠨ ᠡᠷᠴᠢ ᠵᠣᠷᠢᠭ ᠢᠶᠠᠨ ᠬᠥᠪᠴᠢᠯᠡᠵᠦ᠂ ᠳᠤᠭᠤᠶᠢᠯᠠᠩ ᠪᠦᠷᠢ ᠪᠦᠬᠦ ᠬᠦᠴᠦᠨ ᠢᠶᠠᠷ ᠢᠶᠠᠨ ᠴᠢᠷᠮᠠᠶᠢᠪᠠ᠃ ᠬᠦᠭᠵᠢᠭᠡᠨ ᠳᠡᠮᠵᠢᠬᠦ ᠪᠠᠭ ᠴᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠬᠠᠰᠬᠢᠷᠬᠤ ᠳᠠᠭᠤᠨ᠂ ᠬᠦᠴᠦ ᠨᠡᠮᠡᠬᠦ ᠳᠠᠭᠤᠨ ᠠᠳᠡ ᠲᠡᠨᠳᠡ ᠦᠭᠡᠢ ᠴᠤᠤᠷᠢᠶᠠᠲᠤᠵᠤ᠂ ᠤᠷᠤᠯᠳᠤᠭᠠᠨ ᠤ ᠲᠠᠯᠠᠪᠤᠷ ᠤᠨ ᠣᠭᠲᠠᠷᠭᠤᠢ ᠳᠤ ᠤᠳᠠᠲᠠᠯ᠎ᠠ ᠴᠤᠤᠷᠢᠶᠠᠲᠤᠨ᠎ᠠ᠃      ᠲᠣᠰ ᠤᠳᠠᠭᠠᠨ ᠤ ᠠᠵᠢᠯᠯᠠᠭ᠎ᠠ ᠨᠢ ᠪᠥᠬᠦ ᠲᠠᠯ᠎ᠠ ᠶᠢᠨ ᠨᠠᠮ ᠤᠨ ᠭᠡᠰᠢᠭᠦᠨ ᠪᠣᠯᠤᠨ ᠣᠯᠠᠨ ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠥᠭᠡᠳ ᠨᠠᠮ ᠤᠨ ᠭᠡᠰᠢᠭᠦᠨ ᠺᠠᠳ᠋ᠷᠴᠤᠳ ᠢ ᠤᠯᠠᠮ ᠨᠢᠭᠡ ᠠᠯᠬᠤᠮ ᠤᠷᠮᠠᠰᠢᠭᠤᠯᠤᠨ ᠵᠣᠷᠢᠭᠵᠢᠭᠤᠯᠵᠤ᠂ ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠲᠡᠭᠦᠰ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠭ ᠪᠠᠳᠠᠷᠠᠩᠭᠤᠶ ᠡᠷᠴᠢ ᠵᠣᠷᠢᠭ ᠢᠶᠠᠷ ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠤᠷᠤᠯᠴᠠᠨ᠎ᠠ᠃           ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号