ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 
ᠨᠡᠶᠢᠲᠡᠯᠡᠭᠰᠡᠨ ᠴᠠᠭ᠄
2024/8/1
ᠭᠤᠤᠯ ᠡᠭᠦᠷᠭᠡ ᠴᠢᠳᠠᠮᠵᠢ᠄      ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠤᠬᠠᠶ ᠤᠯᠤᠰ ᠤᠨ ᠬᠤᠯᠪᠣᠭᠳᠠᠯ ᠪᠥᠬᠦᠢ ᠴᠢᠭᠯᠡᠯᠲᠡ᠂ ᠲᠥᠷᠥ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠮᠠᠨ ᠤ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠥᠳᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠤᠷᠲᠤᠪᠲᠤᠷ ᠪᠠ ᠤᠷᠳᠤ ᠬᠤᠭᠤᠴᠠᠭᠠᠨ ᠤ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠪᠠ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠪᠠ ᠦᠢᠯᠡᠳᠪᠦᠷᠢᠯᠡᠯ ᠤᠨ ᠣᠷᠴᠢᠨ ᠨᠥᠬᠦᠴᠡᠯ ᠤᠨ ᠰᠠᠶᠢᠵᠢᠷᠠᠯᠲᠠ ᠶᠢ ᠵᠣᠬᠢᠴᠠᠭᠤᠯᠤᠨ ᠵᠢᠯᠣᠭᠤᠳᠤᠨ᠎ᠠ᠃ ᠬᠥᠳᠡᠭᠡ ᠲᠣᠰᠬᠤᠨ ᠤ ᠤᠶᠤᠨ ᠤ ᠪᠣᠯᠪᠠᠰᠤᠨ᠂ ᠰᠢᠯᠢᠳᠡᠭ ᠲᠠᠷᠢᠶᠠᠯᠠᠬᠤ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃      ︵ᠭᠤᠷᠪᠠ︶ ᠬᠥᠳᠡᠭᠡ ᠲᠣᠰᠬᠤᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠲᠠᠷᠢᠶᠠᠴᠢᠨ ᠤ ᠳᠠᠭᠠᠭᠠᠴᠢᠯᠠᠭᠰᠠᠨ ᠭᠠᠵᠠᠷ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠴᠤ᠂ ᠲᠠᠷᠢᠶᠠᠨ ᠭᠠᠵᠠᠷ ᠤᠨ ᠬᠡᠷᠡᠭᠯᠡᠬᠦ ᠡᠷᠬᠡ ᠶᠢᠨ ᠡᠷᠭᠢᠯᠲᠡ ᠳᠤ ᠬᠢᠨᠠᠯᠲᠠ ᠲᠠᠯᠪᠢᠵᠤ᠂ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ᠎ᠠ᠃ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ᠂ ᠬᠠᠮᠲᠤ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ᠃ ᠲᠠᠷᠢᠶᠠᠴᠢᠳ ᠤᠨ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠤᠭᠤᠳᠤᠨ᠎ᠠ᠃ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ ᠲᠠᠯᠪᠢᠵᠤ᠂ ᠲᠠᠷᠢᠶᠠᠴᠢᠳ ᠤᠨ ᠪᠡᠯᠡ ᠮᠥᠩᠭᠦ ᠬᠥᠳᠡᠯᠮᠦᠷᠢ ᠶᠢᠨ ᠬᠦᠴᠦ ᠴᠤᠭᠯᠠᠭᠤᠯᠬᠤ ᠠᠵᠢᠯ ᠢ ᠵᠢᠯᠣᠭᠤᠳᠤᠨ᠎ᠠ᠃      ︵ᠳᠥᠷᠪᠡ︶ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠵᠢᠴᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠬᠥᠳᠡᠭᠡ ᠲᠣᠰᠬᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠵᠢᠯᠣᠭᠤᠳᠤᠨ᠎ᠠ᠃      ︵ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠤᠨ ᠬᠠᠮᠠᠭᠠᠯᠠᠨ᠎ᠠ᠃ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠠᠵᠤ ᠠᠬᠤᠶ ᠶᠢᠨ ᠮᠡᠳᠡᠭᠡ ᠵᠠᠩᠭᠢ ᠶᠢ ᠪᠦᠷᠢᠳᠭᠡᠬᠦ ᠠᠵᠢᠯ ᠢ ᠦᠷᠨᠢᠭᠦᠯᠦᠨ᠎ᠡ᠃ ᠮᠠᠯ ᠠᠵᠤ ᠠᠬᠤᠶ ᠪᠠ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃      ︵ᠵᠢᠷᠭᠤᠭ᠎ᠠ︶ ᠲᠠᠷᠢᠮᠠᠯ ᠤᠨ ᠦᠢᠯᠡᠰ᠂ ᠮᠠᠯ ᠠᠵᠤ ᠠᠬᠤᠶ ᠶᠢᠨ ᠦᠢᠯᠡᠰ᠂ ᠵᠢᠭᠠᠰᠤᠨ  ᠦᠢᠯᠡᠰ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠵᠡᠷᠭᠡ ᠡᠯ᠎ᠡ ᠠᠵᠤ ᠦᠢᠯᠡᠰ ᠢ ᠵᠢᠯᠣᠭᠤᠳᠤᠨ ᠦᠢᠯᠡᠴᠢᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠠᠮᠤ ᠪᠤᠳᠠᠭ᠎ᠠ᠂ ᠮᠢᠬᠠᠨ ᠤ ᠵᠦᠢᠯ᠂ ᠰᠠᠭᠠᠯᠢ ᠶᠢᠨ ᠦᠢᠯᠡᠰ᠂ ᠲᠡᠵᠢᠭᠡᠯ ᠡᠪᠡᠰᠦ ᠪᠣᠷᠳᠤᠭ᠎ᠠ ᠪᠣᠯᠤᠨ ᠤᠰᠤᠨ ᠭᠠᠷᠤᠯᠲᠠ ᠵᠡᠷᠭᠡ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠵᠣᠬᠢᠶᠠᠨ ᠪᠠᠶᠢᠭᠤᠯᠤᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠵᠢᠯᠤᠭᠤᠳᠤᠨ᠎ᠠ᠃  ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠦᠢᠯᠡᠳᠪᠦᠷᠢᠯᠡᠯ ᠢ ᠵᠢᠯᠣᠭᠤᠳᠴᠤ᠂ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠣᠬᠢᠷᠲᠤᠯ ᠥᠬᠡᠶ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃      ︵ᠲᠤᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠢ ᠶᠢᠨ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠢ ᠶᠢᠨ ᠪᠠᠶᠢᠳᠠᠯ ᠤᠨ ᠬᠤᠯᠪᠣᠭᠳᠠᠯ ᠪᠥᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠪᠥᠬᠦ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ᠂ ᠨᠡᠶᠢᠲᠡ ᠳᠤ ᠬᠤᠤᠷᠳᠠᠭᠳᠠᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠪᠣᠬᠢᠷᠲᠤᠯ ᠥᠬᠡᠶ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠭᠠᠵᠠᠷ ᠵᠦᠶ ᠶᠢᠨ ᠪᠡᠯᠭᠡ ᠲᠡᠮᠳᠡᠭᠲᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠨᠠᠢᠮᠠ︶ ᠲᠠᠷᠢᠶᠠᠨ ᠭᠠᠵᠠᠷ ᠪᠣᠯᠤᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ᠂ ᠬᠠᠮᠠᠭᠠᠯᠠᠯᠲᠠ ᠪᠠ ᠠᠷᠢᠭᠤᠨ ᠴᠡᠪᠡᠷ ᠦᠢᠯᠡᠳᠪᠦᠷᠢᠯᠡᠯ ᠢ ᠬᠠᠤᠯᠢ ᠶᠣᠰᠣᠭᠠᠷ ᠬᠠᠮᠢᠶᠠᠷᠤᠨ᠎ᠠ᠃ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠡᠷᠬᠢᠯᠳᠡᠳᠦ ᠲᠠᠷᠢᠶᠠᠯᠠᠩ ᠮᠠᠯ ᠠᠵᠤ ᠠᠬᠤᠶ᠂ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠵᠢᠴᠢ ᠬᠥᠳᠡᠭᠡ ᠲᠣᠰᠬᠤᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠨᠡᠭᠡᠭᠡᠬᠦ ᠠᠰᠢᠭᠯᠠᠬᠤ ᠶᠢ ᠵᠢᠯᠤᠭᠤᠳᠤᠨ᠎ᠠ᠃      ︵ᠶᠢᠰᠦ︶ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠤᠨ ᠬᠤᠯᠪᠣᠭᠳᠠᠯ ᠪᠥᠬᠦᠢ ᠵᠠᠰᠠᠭ ᠵᠠᠬᠢᠷᠭᠠᠨ ᠤ ᠵᠥᠪᠰᠢᠶᠡᠷᠡᠯ ᠬᠢᠭᠡᠳ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠮᠠᠯ᠂ ᠲᠡᠵᠢᠭᠡᠯ ᠡᠪᠡᠰᠦᠨ ᠤ ᠦᠷ᠎ᠡ ︵ᠦᠷ᠎ᠡ ᠶᠢᠨ ᠴᠢᠬᠢ︶᠂ ᠪᠤᠷᠳᠤᠭᠤᠷ᠂ ᠦᠷ᠎ᠡ ᠶᠢᠨ ᠮᠠᠯ ᠵᠢᠭᠦᠷᠲᠡᠨ᠂ ᠲᠠᠷᠢᠶᠠᠨ ᠡᠮ᠂ ᠮᠠᠯ ᠤᠨ ᠡᠮ᠂ ᠲᠡᠵᠢᠭᠡᠯ ᠪᠣᠷᠳᠤᠭ᠎ᠠ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠦᠢᠯᠡᠳᠪᠦᠷᠢᠯᠡᠵᠦ ᠪᠣᠷᠣᠯᠠᠭᠤᠯᠬᠤ ᠵᠥᠪᠰᠢᠶᠡᠷᠡᠯ ᠬᠢᠭᠡᠳ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃ ᠡᠪᠡᠰᠦ ᠪᠣᠷᠳᠤᠭ᠎ᠠ᠂ ᠮᠠᠯ ᠤᠨ ᠡᠮ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃      ︵ᠠᠷᠪᠠ︶ ᠠᠮᠢᠳᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠪᠠ ᠬᠢᠵᠢᠭ ᠪᠠᠶᠢᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠪᠥᠬᠦ ᠲᠤᠭᠤᠷᠢᠭ ᠤᠨ ᠠᠮᠢᠳᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠪᠠ ᠬᠢᠨᠠᠯᠲᠠ ᠲᠠᠯᠪᠢᠵᠤ᠂ ᠭᠡᠨᠡᠳᠲᠡ ᠡᠭᠦᠰᠬᠦ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠥᠨᠥᠭᠡᠯᠲᠡᠶ ᠠᠮᠢᠳᠤ ᠪᠣᠳᠠᠰ ᠢ ᠨᠡᠶᠢᠳᠡᠮ ᠪᠠᠶᠢᠴᠠᠭᠠᠬᠤ ᠪᠠ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠠᠶᠤᠯᠭᠦᠶ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠮᠠᠯ ᠡᠮᠨᠡᠯᠭᠡ ᠶᠢᠨ ᠡᠩᠨᠡᠭᠡ᠂ ᠮᠠᠯ ᠤᠨ ᠡᠮ ᠪᠠ ᠨᠢᠲᠤᠯᠬᠤ ᠠᠵᠢᠯ ᠲᠦᠷᠦᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠨᠡᠶᠢᠲᠡᠯᠡᠵᠦ᠂ ᠦᠷ᠎ᠡ᠂ ᠲᠠᠷᠢᠶᠠᠨ ᠡᠮ᠂ ᠬᠢᠮᠢ ᠶᠢᠨ ᠪᠤᠷᠳᠤᠭᠤᠷ᠂ ᠮᠠᠯ ᠤᠨ ᠡᠮ᠂ ᠲᠡᠵᠢᠭᠡᠯ ᠡᠪᠡᠰᠦ ᠲᠡᠵᠢᠭᠡᠯ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠪᠠ ᠲᠣᠬᠢᠷᠠᠭᠤᠯᠬᠤ ᠶᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠰᠠᠨᠠᠭᠤᠯᠭ᠎ᠠ ᠶᠢ ᠳᠤᠷᠠᠳᠴᠤ᠂ ᠪᠠᠴᠢᠮ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠶᠢ ᠵᠢᠯᠣᠭᠤᠳᠤᠨ᠎ᠠ᠃      ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠬᠥᠭᠵᠢᠯᠲᠡ ᠶᠢ ᠲᠡᠳᠬᠦᠨ ᠳᠡᠮᠵᠢᠬᠦ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠵᠢᠴᠢ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃  ᠲᠤᠭᠤᠷᠢᠭ ᠤᠨ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠲᠤᠭᠤᠷᠢᠭ ᠤᠨ ᠲᠣᠰ ᠱᠠᠲᠤᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠪᠠᠯᠠ ᠣᠷᠣᠭᠤᠯᠤᠯᠲᠠ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠤᠬᠢᠶᠠᠨ ᠪᠠᠶᠢᠭᠤᠯᠵᠤ ᠨᠠᠶᠢᠷᠠᠭᠤᠯᠤᠨ ᠵᠤᠬᠢᠶᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠲᠠᠷᠢᠶᠠᠯᠠᠩ ᠮᠠᠯ ᠠᠵᠤ ᠠᠬᠤᠶ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠯᠥᠪᠯᠡᠭᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠮᠡᠳᠡᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ᠂ ᠲᠤᠭᠤᠷᠢᠭ ᠤᠨ ᠲᠤᠰ ᠱᠠᠲᠤᠨ ᠤ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠲᠣᠬᠢᠷᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃      ︵ᠠᠷᠪᠠᠨ ᠭᠤᠷᠪᠠ︶ ᠪᠥᠬᠦ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠰᠤᠳᠤᠯᠤᠯ᠂ ᠮᠡᠷᠭᠡᠵᠢᠯ ᠳᠡᠯᠭᠡᠷᠡᠭᠦᠯᠬᠦ ᠲᠥᠯᠥᠪᠵᠢᠭᠦᠯᠭᠡ ᠪᠣᠯᠤᠨ ᠲᠥᠷᠥ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠲᠥᠷᠥᠯ ᠵᠦᠢᠯ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃      ︵ᠠᠷᠪᠠᠨ ᠳᠥᠷᠪᠡ︶ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ᠂ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠥᠮᠦᠵᠢᠯ ᠪᠠ ᠨᠡᠭᠡᠭᠡᠨ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠪᠠ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃      ︵ᠠᠷᠪᠠᠨ ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠵᠢᠴᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ  ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠵᠣᠬᠢᠶᠠᠨ ᠪᠠᠶᠢᠭᠤᠯᠤᠨ᠎ᠠ︔ ᠪᠥᠬᠦ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃      ᠪᠥᠬᠦ ᠲᠤᠭᠤᠷᠢᠭ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠨᠥᠬᠦᠴᠡᠯ ᠤᠨ ᠪᠠᠲᠤᠯᠠᠭ᠎ᠠ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠬᠠᠮᠲᠤᠪᠠᠷ ᠭᠥᠷᠳᠡᠬᠦ ᠶᠢ ᠠᠬᠢᠭᠤᠯᠤᠨ᠎ᠠ︔ ᠪᠥᠬᠦ ᠲᠤᠭᠤᠷᠢᠭ ᠤᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠰᠠᠭᠤᠷᠢ ᠰᠤᠳᠤᠯᠤᠯ ᠤᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ ᠦᠷᠨᠢᠭᠦᠯᠬᠦ ᠶᠢᠨ ᠬᠠᠮᠲᠤ ᠵᠤᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠬᠦᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢᠨ ᠶᠣᠰᠣᠭᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃      ︵ᠠᠷᠪᠠᠨ ᠵᠢᠷᠭᠤᠭ᠎ᠠ︶ ᠪᠦᠬᠦ ᠲᠤᠭᠤᠷᠢᠭ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠤᠨ ᠰᠠᠭᠤᠷᠢ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠲᠤᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠵᠦᠢ ᠵᠣᠬᠢᠰᠲᠠᠢ ᠪᠠᠶᠢᠷᠢᠰᠢᠭᠤᠯᠤᠯᠲᠠ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ︵ᠠᠷᠪᠠᠨ ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠪᠠ ᠬᠠᠮᠢᠶ᠎ᠠ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠲᠤᠭᠤᠷᠢᠭ ᠤᠨ ᠰᠢᠨ᠎ᠡ ᠶᠢ ᠡᠭᠦᠳᠬᠦ ᠶᠢᠨ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠠᠯᠠ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠵᠤ᠂ ᠣᠯᠠᠨ ᠡᠰᠢᠵᠢᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠪᠥᠬᠦ ᠲᠤᠭᠤᠷᠢᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠶᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠠᠷᠪᠠᠨ ᠨᠠᠢᠮᠠ︶ ᠪᠥᠬᠦ ᠲᠤᠭᠤᠷᠢᠭ ᠤᠨ ᠮᠡᠷᠭᠡᠵᠢᠯ ᠰᠢᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ᠂ ᠰᠢᠯᠵᠢᠭᠦᠯᠦᠨ ᠤᠯᠠᠷᠢᠭᠤᠯᠬᠤ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠠᠬᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠡᠷᠡᠭᠵᠢᠭᠦᠯᠦᠯᠲᠡ ᠶᠢ ᠥᠷᠨᠢᠭᠦᠯᠦᠨ᠎ᠡ︔ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠢᠯᠤᠭᠤᠳᠤᠨ᠎ᠠ︔ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠰᠢᠨᠵᠢᠯᠡᠬᠦ ᠤᠬᠠᠭᠠᠨ ᠤ ᠤᠬᠠᠭᠤᠯᠭ᠎ᠠ ᠶᠢᠨ ᠠᠵᠢᠯ ᠢ  ᠦᠷᠨᠢᠭᠦᠯᠦᠨ᠎ᠡ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠱᠠᠩᠨᠠᠨ ᠲᠠᠨᠢᠯᠴᠠᠭᠤᠯᠬᠤ᠂ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠨ᠎ᠠ᠃      ︵ᠠᠷᠪᠠ ᠶᠢᠰᠦ︶ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠯᠤᠭ᠎ᠠ ᠶᠢᠨ ᠬᠠᠷᠢᠯᠴᠠᠭ᠎ᠠ ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ ᠬᠠᠮᠲᠤᠷᠠᠯᠴᠠᠭ᠎ᠠ ᠥᠷᠨᠢᠭᠦᠯᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰ  ᠲᠤᠭᠤᠷᠢᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠠᠳᠠᠭᠠᠳᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭ᠎ᠠ ᠶᠢᠨ ᠠᠵᠢᠯ ᠥᠷᠨᠢᠭᠦᠯᠬᠦ ᠶᠢ ᠵᠢᠯᠣᠭᠤᠳᠤᠨ᠎ᠠ᠃      ︵ᠬᠤᠷᠢ︶ ᠶᠠᠳᠠᠭᠤ ᠬᠦᠴᠢᠷᠳᠡᠯᠲᠡᠶ ᠭᠠᠴᠠᠭᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠶᠠᠳᠠᠭᠤ ᠶᠢ ᠲᠡᠳᠬᠦᠬᠦ ᠲᠦᠷᠦᠯ ᠵᠦᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠠᠳᠠᠭᠤ ᠶᠢ ᠲᠡᠳᠬᠦᠬᠦ ᠬᠥᠭᠵᠢᠯᠲᠡ ᠶᠢᠨ ᠪᠡᠯᠡ ᠮᠥᠩᠭᠦ ᠶᠢ ᠬᠤᠪᠢᠶᠠᠷᠢᠯᠠᠬᠤ ᠲᠥᠰᠦᠯ ᠢ ᠲᠤᠭᠤᠷᠪᠢᠨ ᠲᠣᠭᠲᠠᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠵᠦ ᠬᠠᠮᠢᠶᠠᠷᠬᠤ ᠪᠠ ᠬᠢᠨᠠᠯᠲᠠ ᠲᠠᠯᠪᠢᠵᠤ ᠪᠠᠶᠢᠴᠠᠭᠠᠬᠤ᠂ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠡᠭᠦᠷᠭᠡᠯᠡᠨ᠎ᠡ᠃ ᠪᠥᠬᠦ ᠲᠤᠭᠤᠷᠢᠭ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠬᠤ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢ ᠬᠢᠨᠠᠨ ᠰᠢᠨᠵᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠷᠢᠨ ᠨᠢᠭᠡ︶ ᠪᠥᠬᠦ ᠲᠤᠭᠤᠷᠢᠭ ᠤᠨ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠳᠤ ᠣᠷᠣᠯᠴᠠᠭᠤᠯᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢᠨ ᠰᠢᠮᠳᠠᠭᠤᠯᠤᠨ ᠪᠠᠶᠢᠴᠠᠭᠠᠵᠤ ᠪᠠᠶᠢᠴᠠᠭᠠᠬᠤ ᠪᠠ ᠬᠢᠨᠠᠨ ᠰᠢᠯᠭᠠᠬᠤ ᠠᠵᠢᠯ ᠢ ᠰᠠᠶᠢᠲᠤᠷ ᠬᠢᠨ᠎ᠡ᠃      ︵ᠬᠤᠷᠢᠨ ᠬᠤᠶᠠᠷ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠬᠤᠷᠢᠨ ᠭᠤᠷᠪᠠ︶ ᠲᠤᠭᠤᠷᠢᠭ ᠤᠨ ᠨᠠᠮ ᠤᠨ ᠬᠤᠷᠢᠶ᠎ᠠ ᠪᠠ ᠲᠤᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃      ︵ᠬᠤᠷᠢᠨ ᠲᠥᠷᠪᠡ︶ ᠬᠤᠯᠪᠣᠭᠳᠠᠯ ᠪᠥᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ      1. ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠥᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ︵1︶ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠷᠢᠵᠤ ᠲᠡᠵᠢᠭᠡᠨ ᠦᠷᠡᠵᠢᠭᠦᠯᠬᠦ ᠭᠤᠭᠴᠤᠭ᠎ᠠ ᠠᠴᠠ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠣᠷᠣᠬᠤ ᠠᠴᠠ ᠡᠮᠦᠨᠡᠬᠢ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠣᠷᠣᠭᠤᠯᠤᠭᠰᠠᠨ ᠤ ᠳᠠᠷᠠᠭ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠯᠲᠠ ᠲᠠᠯᠪᠢᠵᠤ ᠬᠠᠮᠢᠶᠠᠷᠤᠨ᠎ᠠ᠃ ︵2︶ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠮᠠᠯ ᠵᠢᠭᠦᠷᠲᠡᠨ ᠢ ᠨᠢᠲᠤᠯᠬᠤ ᠭᠤᠭᠴᠤᠭ᠎ᠠ᠂ ᠲᠦᠭᠦᠬᠡᠶ ᠰᠢᠨ᠎ᠡ ᠰᠦ ᠦᠢᠯᠡᠳᠪᠦᠷᠢᠯᠡᠵᠦ ᠬᠤᠳᠠᠯᠳᠤᠨ ᠠᠪᠬᠤ ᠭᠤᠭᠴᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ︵3︶ ᠬᠤᠶᠠᠷ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠤ ᠭᠠᠷᠤᠯᠲᠠ ᠶᠢᠨ ᠣᠷᠣᠨ ᠤ ᠵᠥᠪᠰᠢᠶᠡᠷᠡᠨ ᠭᠠᠷᠭᠠᠬᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠ ᠠᠵᠢᠯ ᠤᠨ ᠵᠣᠯᠭᠠᠭᠤᠯᠬᠤ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ  ᠪᠤᠯᠭᠠᠨ᠎ᠠ᠃      2. ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠲᠠᠷᠢᠶᠠᠯᠠᠩ ᠮᠠᠯ ᠠᠵᠤ ᠠᠬᠤᠶ ᠶᠢᠨ ᠬᠠᠮᠢᠶ᠎ᠠ ᠪᠥᠬᠦᠶ ᠬᠢᠨᠠᠨ ᠵᠥᠪᠰᠢᠶᠡᠷᠡᠬᠦ  ᠵᠦᠢᠯᠡᠰ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ ᠠᠵᠢᠯ ᠢ ᠡᠭᠦᠷᠭᠡᠯᠡᠵᠦ᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠲᠠᠷᠢᠶᠠᠯᠠᠩ ᠮᠠᠯ ᠠᠵᠤ ᠠᠬᠤᠶ ᠶᠢᠨ ᠬᠠᠮᠢᠶ᠎ᠠ ᠪᠥᠬᠦᠶ ᠤᠴᠢᠷ ᠶᠠᠪᠤᠳᠠᠯ ᠢ ᠬᠢᠨᠠᠨ ᠵᠥᠪᠰᠢᠶᠡᠷᠡᠬᠦ ᠠᠵᠢᠯ ᠢ ᠬᠠᠮᠢᠶᠠᠷᠤᠨ᠎ᠠ᠃          ᠬᠠᠷᠢᠶ᠎ᠠ ᠠᠵᠢᠯ ᠦᠢᠯᠡᠰ ᠤᠨ ᠨᠢᠭᠡᠴᠢ ᠭᠤᠷᠪᠠ ᠪᠤᠢ      ᠢᠦᠢ ᠴᠢᠤᠸᠠᠨ ᠲᠣᠭᠤᠷᠢᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ      ᠭᠤᠣᠯ ᠡᠷᠬᠡ ᠲᠤᠰᠢᠶᠠᠯ      ᠢᠦᠶ ᠴᠢᠤᠸᠠᠨ ᠲᠣᠭᠤᠷᠢᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠬᠡᠬᠤᠲᠠ ᠶᠢᠨ ᠨᠠᠮ ᠤᠨ ᠬᠤᠷᠢᠶ᠎ᠠ ᠪᠣᠯᠤᠨ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ  ᠲᠤᠭᠤᠷᠢᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄      1. ᠪᠥᠬᠦ ᠲᠤᠭᠤᠷᠢᠭ ᠤᠨ ᠠᠮᠢᠲᠠᠨ ᠤ ᠬᠢᠵᠢᠭ ᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ  ᠡᠵᠡᠮᠳᠡᠨ ᠠᠷᠢᠯᠭᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠮᠡᠷᠭᠡᠵᠢᠯ ᠤᠨ ᠲᠤᠯᠭᠠᠭᠤᠷᠢᠯᠠᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠨᠥᠭᠡᠴᠡᠯᠡᠯᠲᠡ᠂ ᠠᠮᠢᠲᠠᠨ ᠤ ᠬᠢᠵᠢᠭ ᠡᠪᠡᠳᠴᠢᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠣᠨᠣᠰᠢᠯᠠᠯᠲᠠ᠂ ᠬᠢᠨᠠᠨ ᠬᠡᠮᠵᠢᠯᠲᠡ᠂ ᠴᠡᠪᠡᠷᠵᠢᠭᠦᠯᠦᠯᠲᠡ᠂ ᠬᠢᠵᠢᠭ ᠤᠨ ᠪᠠᠶᠢᠳᠠᠯ ᠤᠨ ᠮᠡᠳᠡᠭᠦᠯᠦᠯᠲᠡ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃      2. ᠪᠥᠬᠦ ᠲᠤᠭᠤᠷᠢᠭ ᠤᠨ ᠠᠮᠢᠲᠠᠨ ᠪᠠ ᠠᠮᠢᠲᠠᠨ ᠤ ᠠᠰᠢᠭ ᠰᠢᠮ᠎ᠡ ᠶᠢᠨ ᠬᠢᠵᠢᠭ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠮᠢᠲᠠᠨ ᠤ ᠢᠯᠭᠠᠬᠤ ᠲᠡᠮᠳᠡᠭ ᠵᠢᠴᠢ ᠬᠢᠵᠢᠭ ᠡᠪᠡᠳᠴᠢᠨ ᠢ ᠮᠥᠷᠳᠡᠵᠦ ᠪᠣᠯᠬᠤ ᠮᠡᠷᠭᠡᠵᠢᠯ ᠤᠨ ᠲᠤᠯᠭᠠᠭᠤᠷᠢᠯᠠᠯ᠂ ᠭᠦᠢᠯᠭᠡᠭᠡᠨ ᠤ ᠭᠤᠭᠴᠤᠭ᠎ᠠ ᠪᠠ ᠬᠢᠯᠢ ᠶᠢᠨ ᠵᠠᠭᠠᠭ ᠤᠨ ᠭᠠᠵᠠᠷ ᠣᠷᠣᠨ ᠤ ᠭᠠᠳᠠᠨ᠎ᠠ ᠠᠴᠠ ᠢᠷᠡᠭᠰᠡᠨ ᠠᠮᠢᠲᠠᠨ ᠤ ᠬᠢᠵᠢᠭ ᠡᠪᠡᠳᠴᠢᠨ ᠤ ᠲᠦᠭᠰᠢᠭᠦᠷᠢ ᠶᠢ ᠦᠨᠡᠯᠡᠨ ᠵᠢᠱᠢᠵᠦ ᠰᠡᠷᠭᠡᠶᠢᠯᠡᠬᠦ᠂ ᠣᠷᠣᠨ ᠪᠦᠰᠡᠴᠢᠯᠡᠭᠰᠡᠨ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠨ᠎ᠡ᠃      3. ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠵᠢᠴᠢ ᠠᠮᠢᠲᠠᠨ ᠢ ᠲᠡᠵᠢᠭᠡᠨ ᠦᠷᠡᠵᠢᠭᠦᠯᠬᠦ᠂ ᠠᠮᠢᠲᠠᠨ ᠢ ᠣᠨᠣᠰᠢᠯᠠᠨ ᠡᠮᠨᠡᠬᠦ᠂ ᠬᠤᠤᠷ ᠥᠬᠡᠶ ᠪᠣᠯᠭᠠᠨ ᠰᠢᠢᠳᠪᠦᠷᠢᠯᠡᠬᠦ ᠵᠡᠷᠭᠡ ᠲᠠᠯᠠᠪᠤᠷ ᠭᠠᠵᠠᠷ ᠤᠨ ᠠᠮᠢᠳᠤ ᠪᠣᠳᠠᠰ ᠤᠨ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠳᠡᠮᠵᠢᠯᠭᠡ ᠪᠠ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ᠃      4. ᠮᠠᠯ ᠵᠢᠭᠦᠷᠲᠡᠨ ᠢ ᠨᠢᠲᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ ᠮᠠᠯ ᠵᠢᠭᠦᠷᠲᠡᠨ ᠢ ᠨᠢᠲᠤᠯᠬᠤ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠲᠤᠯᠬᠤ ᠶᠢ ᠬᠠᠮᠠᠭᠠᠯᠠᠬᠤ ᠬᠠᠮᠢᠶ᠎ᠠ ᠪᠥᠬᠦᠶ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠰᠢᠰᠲ᠋ᠧᠮ ᠵᠢᠴᠢ ᠲᠣᠤᠷ ᠰᠦᠯᠵᠢᠶ᠎ᠡ ᠶᠢᠨ ᠲᠠᠪᠴᠠᠩ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃      5. ᠪᠦᠬᠦ ᠲᠤᠭᠤᠷᠢᠭ ᠤᠨ ᠮᠠᠯ ᠤᠨ ᠡᠮ ᠢ ᠰᠢᠯᠭᠠᠨ ᠪᠠᠶᠢᠴᠠᠭᠠᠬᠤ ᠰᠢᠨ᠎ᠡ ᠮᠡᠷᠭᠡᠵᠢᠯ᠂ ᠰᠢᠨ᠎ᠡ ᠠᠷᠭ᠎ᠠ ᠶᠢ ᠳᠡᠯᠭᠡᠷᠡᠭᠦᠯᠬᠦ ᠠᠵᠢᠯ ᠢ ᠡᠭᠦᠷᠭᠡᠯᠡᠨ᠎ᠡ᠃      6. ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃            ᠢᠦᠢ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠪᠠ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ      ᠭᠤᠣᠯ ᠡᠷᠬᠡ ᠲᠤᠰᠢᠶᠠᠯ      ᠢᠦᠶ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠪᠠ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠬᠡᠬᠤᠲᠠ ᠶᠢᠨ ᠨᠠᠮ ᠤᠨ ᠬᠤᠷᠢᠶ᠎ᠠ ᠪᠠ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠲᠤᠭᠤᠷᠢᠭ ᠤᠨ ︽ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ︾᠂ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠴᠢᠨᠠᠷ ᠰᠠᠶᠢᠲᠠᠶ ᠬᠥᠭᠵᠢᠯᠲᠡ ᠶᠢᠨ ᠦᠢᠯᠡᠴᠢᠯᠡᠭᠡᠨ ᠤ ᠲᠤᠯᠭᠠᠭᠤᠷᠢᠯᠠᠯ ᠪᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠡᠭᠦᠷᠭᠡ ᠴᠢᠳᠠᠪᠤᠷᠢ ᠶᠢ ᠡᠭᠦᠷᠭᠡᠯᠡᠨ᠎ᠡ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄      1. ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢ ᠬᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠠᠷᠢᠮᠠᠯ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠡᠪᠡᠰᠦ ᠪᠣᠷᠳᠤᠭ᠎ᠠ᠂ ᠦᠷ᠎ᠡ ᠶᠢᠨ ᠦᠢᠯᠡᠰ᠂ ᠲᠠᠷᠢᠶᠠᠯᠠᠩ ᠤᠨ ᠮᠠᠰᠢᠨ᠂ ᠬᠥᠳᠡᠭᠡ ᠲᠣᠰᠬᠤᠨ ᠤ ᠠᠵᠤ ᠦᠢᠯᠡᠰ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ᠃      2. ᠪᠥᠬᠦ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠲᠤᠭ᠎ᠠ ᠪᠠᠷᠢᠮᠲᠠ ᠶᠢ ᠵᠠᠳᠠᠯᠤᠨ ᠬᠡᠷᠡᠭᠯᠡᠬᠦ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠳᠤ ᠮᠡᠷᠭᠡᠵᠢᠯ ᠤᠨ ᠪᠠᠲᠤᠯᠠᠭ᠎ᠠ ᠬᠠᠩᠭᠠᠨ᠎ᠠ᠃      3. ᠤᠷᠭᠤᠮᠠᠯ ᠤᠨ ᠬᠢᠵᠢᠭ ᠪᠠᠶᠢᠴᠠᠭᠠᠬᠤ᠂ ᠲᠠᠷᠢᠮᠠᠯ ᠤᠨ ᠡᠪᠡᠳᠴᠢᠨ ᠬᠤᠷᠣᠬᠠᠶ ᠶᠢᠨ ᠭᠠᠮᠰᠢᠭ ᠬᠤᠯᠤᠭᠠᠨ᠎ᠠ ᠶᠢᠨ ᠬᠥᠨᠥᠭᠡᠯ ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ᠂ ᠤᠰᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠡᠭᠦᠷᠭᠡᠯᠡᠨ᠎ᠡ︔ ᠰᠢᠨ᠎ᠡ ᠡᠭᠦᠯᠳᠡᠷ ᠤᠨ ᠲᠤᠷᠰᠢᠯᠲᠠ ᠶᠢᠨ ᠵᠢᠱᠢᠶ᠎ᠡ ᠦᠵᠡᠭᠦᠯᠵᠦ ᠳᠡᠯᠭᠡᠷᠡᠭᠦᠯᠬᠦ ᠠᠵᠢᠯ ᠢ ᠥᠷᠨᠢᠭᠦᠯᠵᠦ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠠᠵᠢᠯ ᠳᠤ ᠣᠷᠣᠯᠴᠠᠨ᠎ᠠ︔ ᠭᠧᠨ ᠬᠤᠪᠢᠷᠠᠭᠤᠯᠤᠭᠰᠠᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃      4. ᠪᠥᠬᠦ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠭᠤᠯᠤᠯᠲᠠ ᠪᠠ ᠠᠵᠢᠯ ᠲᠥᠷᠥᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ︔ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠤᠨ ᠣᠷᠣᠨ ᠬᠤᠪᠢᠶᠠᠷᠢᠯᠠᠯ ᠤᠨ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠨ᠎ᠡ᠃ ᠪᠡᠯᠡᠳᠭᠡᠮᠵᠢᠳᠤ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠤᠰᠤᠨ ᠭᠠᠷᠤᠯᠲᠠ ᠶᠢ ᠡᠳ᠋ᠰᠢᠭᠦᠯᠬᠦ ᠪᠠ ᠣᠨᠴᠠᠯᠢᠠᠠᠳᠣ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠭᠡᠨ ᠬᠠᠩᠭᠠᠨ᠎ᠠ᠃      5. ᠪᠥᠬᠦ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠨᠡᠭᠡᠭᠡᠨ ᠠᠰᠢᠭᠯᠠᠯᠲᠠ᠂ ᠲᠠᠷᠢᠶᠠᠯᠠᠩ ᠤᠨ ᠠᠷᠢᠭᠤᠨ ᠴᠡᠪᠡᠷ ᠦᠢᠯᠡᠳᠪᠦᠷᠢᠯᠡᠯ᠂ ᠠᠮᠢ ᠠᠬᠤᠶ ᠶᠢᠨ ᠣᠷᠴᠢᠯ ᠲᠠᠷᠢᠶᠠᠯᠠᠩ ᠤᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠪᠠ  ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠪᠣᠬᠢᠷᠲᠤᠭᠰᠠᠨ ᠲᠠᠷᠢᠶᠠᠨ ᠭᠠᠵᠠᠷ ᠢ ᠠᠶᠤᠯᠭᠦᠶ ᠠᠰᠢᠭᠯᠠᠬᠤ ᠮᠡᠷᠭᠡᠵᠢᠯ ᠤᠨ ᠳᠡᠮᠵᠢᠯᠭᠡ ᠶᠢᠨ ᠠᠵᠢᠯ ᠢ ᠡᠭᠦᠷᠭᠡᠯᠡᠨ᠎ᠡ᠃      6. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠢᠴᠢ ᠦᠢᠯᠡᠳᠪᠦᠷᠢᠯᠡᠯ ᠤᠨ ᠶᠠᠪᠤᠴᠠ ᠶᠢᠨ ᠮᠥᠷᠳᠡᠯᠲᠡ ᠶᠢ ᠡᠭᠦᠷᠭᠡᠯᠡᠵᠦ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠥᠭᠵᠢᠯᠲᠡ ᠪᠠ ᠬᠠᠮᠠᠭᠠᠯᠠᠯᠲᠠ᠂ ᠭᠠᠵᠠᠷ ᠵᠦᠶ ᠶᠢᠨ ᠪᠡᠯᠭᠡ ᠲᠡᠮᠳᠡᠭᠲᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠢ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠣᠷᠣᠭᠤᠯᠤᠯᠲᠠ ᠶᠢᠨ ᠡᠳ᠋ ᠤᠨ ᠰᠢᠯᠭᠠᠨ ᠪᠠᠶᠢᠴᠠᠭᠠᠵᠤ ᠪᠠᠶᠢᠴᠠᠭᠠᠨ ᠰᠢᠨᠵᠢᠬᠦ ᠥᠯᠢᠭᠡᠷ ᠡᠳ᠋ ᠢ ᠴᠤᠭᠯᠠᠭᠤᠯᠵᠤ ᠬᠦᠷᠭᠡᠬᠦ ᠠᠵᠢᠯ ᠢ ᠡᠭᠦᠷᠭᠡᠯᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠢᠯᠭᠠᠨ ᠪᠠᠶᠢᠴᠠᠭᠠᠵᠤ ᠪᠠᠶᠢᠴᠠᠭᠠᠨ ᠰᠢᠨᠵᠢᠭᠰᠡᠨ ᠦᠷ᠎ᠡ ᠳ᠋ᠦᠩ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠵᠠᠳᠠᠯᠬᠤ ᠵᠡᠷᠭᠡ ᠠᠵᠢᠯ ᠢ ᠡᠭᠦᠷᠭᠡᠯᠡᠨ᠎ᠡ᠃      7. ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠣᠯᠤᠨ ᠰᠣᠯᠢᠯᠴᠠᠭ᠎ᠠ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ︔ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ᠂ ᠲᠥᠷᠥᠯ ᠵᠦᠢᠯ ᠳᠤ ᠬᠢᠨᠠᠯᠲᠠ ᠲᠠᠯᠪᠢᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠠᠵᠢᠯ ᠳᠤ ᠲᠤᠯᠭᠠᠭᠤᠷᠢᠯᠠᠬᠤ ᠦᠢᠯᠡᠴᠢᠯᠡᠭᠡ ᠬᠠᠩᠭᠠᠨ᠎ᠠ᠃      8. ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ᠂ ᠳᠡᠭᠡᠳᠦ ᠲᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠦᠢᠯᠡᠴᠢᠯᠡᠭᠡᠨ ᠤ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ᠃      9. ᠮᠠᠨ ᠤ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠮᠡᠷᠭᠡᠵᠢᠯ ᠤᠨ ᠰᠣᠯᠢᠯᠴᠠᠭ᠎ᠠ ᠳᠤ ᠠᠵᠢᠯᠯᠠᠭᠠᠨ ᠤ ᠪᠠᠲᠤᠯᠠᠭ᠎ᠠ ᠶᠢᠨ ᠠᠵᠢᠯ ᠬᠠᠩᠭᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠰᠢᠯᠭᠠᠨ ᠠᠪᠬᠤ ᠳᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠬᠠᠩᠭᠠᠨ᠎ᠠ᠃      10. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃      11. ᠪᠥᠬᠦ ᠲᠤᠭᠤᠷᠢᠭ ᠤᠨ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ  ᠦᠢᠯᠡᠴᠢᠯᠡᠭᠡᠨ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠠᠴᠢᠶᠠᠯᠠᠪᠤᠷᠢ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠬᠦ ᠪᠠᠭᠠᠵᠢ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃      12. ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃          ᠢᠦᠶ ᠴᠢᠤᠸᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠲᠥᠪ      ᠭᠤᠣᠯ ᠡᠷᠬᠡ ᠲᠤᠰᠢᠶᠠᠯ      ᠢᠦᠢ ᠴᠢᠤᠸᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠲᠥᠪ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠬᠥᠬᠡᠬᠤᠲᠠ ᠶᠢᠨ ᠨᠠᠮ ᠤᠨ ᠬᠤᠷᠢᠶ᠎ᠠ ᠪᠣᠯᠤᠨ ᠢᠦᠢ ᠴᠢᠤᠸᠠᠨ ᠲᠣᠭᠤᠷᠢᠭ ᠤᠨ ᠨᠠᠮ ᠤᠨ  ᠬᠤᠷᠢᠶ᠎ᠠ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠤᠨ ᠬᠡᠷᠡᠭᠵᠢᠭᠦᠯᠬᠦ ᠶᠢ ᠡᠭᠦᠷᠭᠡᠯᠡᠵᠦ᠂ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ᠂ ᠦᠢᠯᠡᠴᠢᠯᠡᠭᠡ᠂ ᠲᠤᠯᠭᠠᠭᠤᠷᠢᠯᠠᠯ ᠵᠡᠷᠭᠡ ᠡᠭᠦᠷᠭᠡ ᠴᠢᠳᠠᠪᠤᠷᠢ ᠶᠢ ᠬᠠᠩᠭᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄      1. ᠲᠤᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢ ᠬᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ︔ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ᠂ ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠲᠠᠷᠢᠶᠠᠯᠠᠩ ᠬᠥᠳᠡᠭᠡ ᠲᠣᠰᠬᠤᠨ ᠤ ᠥᠭᠡᠷᠡᠴᠢᠯᠡᠯᠲᠡ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠬᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ᠃      2. ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠠᠵᠢᠯ ᠢ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠮᠡᠷᠭᠡᠵᠢᠯ ᠤᠨ ᠪᠠᠲᠤᠯᠠᠭ᠎ᠠ ᠬᠠᠩᠭᠠᠨ᠎ᠠ᠃      3. ᠲᠠᠷᠢᠶᠠᠯᠠᠩ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ᠂ ᠡᠬᠢ ᠪᠠᠶᠠᠯᠢᠭ᠂ ᠪᠠᠯᠠ ᠮᠥᠩᠭᠦ ᠶᠢᠨ ᠬᠠᠮᠢᠶᠠᠷᠤᠯᠲᠠ᠂ ᠬᠠᠮᠲᠤ ᠶᠢᠨ ᠠᠵᠤ ᠠᠬᠤᠶ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠤᠨ ᠬᠥᠭᠵᠢᠭᠦᠯᠬᠦ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ︔ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠮᠢᠶᠠᠷᠤᠯᠲᠠ᠂ ᠭᠠᠵᠠᠷ ᠰᠢᠷᠣᠶ ᠶᠢᠨ ᠡᠷᠭᠢᠯᠲᠡ᠂ ᠵᠣᠬᠢᠰᠲᠠᠶ ᠬᠡᠪᠴᠢᠶᠡᠲᠦ ᠡᠵᠡᠩᠨᠡᠯᠲᠡ ᠵᠡᠷᠭᠡ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠵᠤ ᠵᠢᠯᠣᠭᠤᠳᠬᠤ ᠶᠢ ᠡᠭᠦᠷᠭᠡᠯᠡᠨ᠎ᠡ︔ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ᠂ ᠡᠷᠭᠢᠯᠳᠦᠭᠦᠯᠬᠦ᠂ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ ᠪᠠ ᠰᠤᠯᠠ ᠪᠠᠶᠢᠭ᠎ᠠ ᠣᠷᠣᠨ ᠰᠠᠭᠤᠴᠠ ᠶᠢ ᠠᠮᠢᠳᠤᠯᠢᠭᠵᠢᠭᠤᠯᠤᠨ ᠠᠰᠢᠭᠯᠠᠬᠤ ᠶᠢᠨ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠶᠢ ᠡᠭᠦᠷᠭᠡᠯᠡᠵᠦ᠂ ᠣᠷᠣᠨ ᠰᠠᠭᠤᠴᠠ ᠶᠢᠨ ᠭᠠᠵᠠᠷ ᠤᠨ ᠦᠨᠳᠦᠰᠦᠨ ᠪᠠᠶᠢᠳᠠᠯ ᠪᠠ ᠠᠰᠢᠭᠯᠠᠭᠰᠠᠨ ᠪᠠᠶᠢᠳᠠᠯ ᠢ ᠪᠦᠷᠢᠳᠬᠡᠨ ᠵᠠᠳᠠᠯᠬᠤ ᠶᠢ ᠥᠷᠨᠢᠭᠦᠯᠦᠨ᠎ᠡ᠃      4. ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠮᠡᠳᠡᠭᠡ ᠵᠠᠩᠭᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠬᠠᠮᠠᠭᠠᠯᠠᠯᠲᠠ ᠪᠠ ᠠᠵᠢᠯᠯᠠᠭᠠᠨ ᠢ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠦᠢᠯᠡᠴᠢᠯᠡᠭᠡᠨ ᠤ ᠲᠠᠪᠴᠠᠩ ᠬᠠᠩᠭᠠᠨ᠎ᠠ᠃      5. ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠦᠯᠲᠡ᠂ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠲᠥᠷᠥᠯ ᠵᠦᠢᠯ ᠢ ᠬᠢᠨᠠᠨ ᠲᠣᠭᠲᠠᠭᠠᠬᠤ ᠵᠢᠴᠢ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠶᠢ ᠡᠭᠦᠷᠭᠡᠯᠡᠨ᠎ᠡ᠃      6. ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠣᠳᠣᠬᠢᠴᠢᠯᠠᠬᠤ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ᠂ ᠲᠠᠷᠢᠶᠠᠯᠠᠩ ᠮᠠᠯ ᠠᠵᠤ ᠠᠬᠤᠶ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢᠨ ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃      7. ᠪᠥᠬᠦ ᠲᠤᠭᠤᠷᠢᠭ ᠤᠨ ᠶᠠᠳᠠᠭᠤ ᠬᠦᠴᠢᠷᠳᠡᠯ ᠤᠨ ᠪᠠᠶᠢᠳᠠᠯ ᠢ ᠬᠢᠨᠠᠨ ᠬᠡᠮᠵᠢᠬᠦ ᠵᠢᠴᠢ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠪᠠᠶᠢᠴᠠᠭᠠᠬᠤ᠂ ᠴᠤᠭᠯᠠᠭᠤᠯᠬᠤ ᠪᠠ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ︔ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠬᠤ ᠬᠤᠯᠪᠣᠭᠳᠠᠯ ᠪᠥᠬᠦᠶ ᠠᠵᠢᠯ ᠢ ᠬᠠᠮᠵᠢᠨ ᠡᠭᠦᠷᠭᠡᠯᠡᠨ᠎ᠡ᠃      8.ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃ᠳᠣᠲᠣᠭᠠᠳᠤ ᠪᠠᠶᠢᠭᠤᠯᠤᠮᠵᠢ      ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠣᠬᠢᠴᠠᠭᠤᠯᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃      ᠠᠵᠢᠯᠯᠠᠬᠤ ᠬᠠᠶ᠋ᠢᠭ᠄ ᠪᠢᠨ ᠾᠧ ᠬᠤᠶᠢᠲᠤ ᠵᠠᠮ ᠪᠠ ᠪᠠᠶᠠᠨ ᠵᠠᠮ ᠤᠨ ᠠᠭᠤᠯᠵᠠᠷ ᠭᠠᠵᠠᠷ      ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471-6321161      ᠬᠠᠷᠢᠭᠤᠴᠠᠯᠭ᠎ᠠ ᠡᠭᠦᠷᠭᠡᠯᠡᠭᠴᠢ᠄ ᠵᠢᠶᠠᠩ ᠴᠧᠩ ᠶᠤᠤ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号