ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠬᠦᠯᠢᠴᠡᠩᠭᠦᠢ ᠪᠠᠷ ᠦᠢᠯᠡᠴᠢᠯᠡᠵᠦ ᠡᠷᠬᠡ ᠪᠠᠨ ᠬᠠᠮᠠᠭᠠᠯᠠᠬᠤ ᠶᠢ ᠠᠬᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2024/8/1
     ︽ᠠᠵᠢᠯᠲᠠᠳ ᠤᠨ ᠬᠠᠯᠠᠭᠤᠨ ᠰᠡᠳᠬᠢᠯ ᠪᠠ ᠬᠦᠯᠢᠴᠡᠩᠭᠦᠢ ᠪᠠᠶᠢᠬᠤ ᠳᠤ ᠲᠠᠯᠠᠷᠬᠠᠵᠤ᠂ ᠮᠢᠨᠦ ᠠᠰᠠᠭᠤᠳᠠᠯ ᠲᠡᠭᠦᠰ ᠠᠮᠵᠢᠯᠲᠠ ᠲᠠᠢ ᠰᠢᠢᠳᠪᠦᠷᠢᠯᠡᠭᠳᠡᠪᠡ᠂ ᠲᠠ ᠨᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠡᠷᠡᠭᠯᠡᠭᠴᠢᠳ ᠤᠨ ᠲᠥᠯᠥᠭᠡ ᠪᠣᠳᠣᠯᠬᠢᠯᠠᠵᠤ᠂ ᠲᠠ ᠨᠠᠷ ᠲᠤ ᠶᠡᠬᠡᠳᠡ ᠲᠠᠯᠠᠷᠬᠠᠵᠤ ᠪᠠᠶᠢᠨ᠎ᠠ︕︾ ᠭᠡᠵᠦ ᠬᠡᠯᠡᠪᠡ᠃ ᠥᠴᠥᠭᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠢᠭᠡ ᠰᠤᠷᠤᠭᠴᠢ ᠶᠠᠩ ᠹᠠᠨ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠲᠤ ᠲᠠᠯᠠᠷᠬᠠᠯ ᠤᠨ ᠵᠠᠬᠢᠳᠠᠯ ᠢᠯᠡᠭᠡᠪᠡ᠃
     ᠨᠢᠳᠤᠨᠤᠨ᠂ ᠲᠣᠰ ᠬᠡᠷᠡᠭᠯᠡᠭᠴᠢᠳ ᠶᠢᠨ ᠢᠦᠶ ᠰᠢᠨ ᠲᠢᠶᠠᠨ ᠳ᠋ᠢ ᠢᠦᠶ ᠴᠢᠤᠸᠠᠨ ᠲᠣᠭᠤᠷᠢᠭ ᠤᠨ ᠳ᠋ᠠ ᠳ᠋ᠤᠤ ᠪᠡᠶ᠎ᠡ ᠴᠢᠭᠢᠷᠠᠭᠵᠢᠭᠤᠯᠬᠤ ᠺᠯᠦ᠋ᠪ ᠲᠤ ᠪᠡᠶ᠎ᠡ ᠴᠢᠭᠢᠷᠠᠭᠵᠢᠭᠤᠯᠬᠤ ᠺᠠᠷᠲ ᠢ ᠭᠦᠢᠴᠡᠳᠬᠡᠵᠦ᠂ ᠬᠡᠷᠡᠭᠯᠡᠬᠦ ᠶᠠᠪᠤᠴᠠ ᠳᠠᠭᠠᠨ ᠵᠠᠷᠢᠮ ᠰᠢᠯᠲᠠᠭᠠᠨ ᠠᠴᠠ ᠪᠣᠯᠵᠤ ᠬᠤᠳᠠᠯᠳᠤᠭᠠᠴᠢᠨ ᠤ ᠦᠢᠯᠡᠴᠢᠯᠡᠭᠡ ᠳᠤ ᠬᠠᠨᠤᠮᠵᠢ ᠦᠭᠡᠢ ᠪᠠᠶᠢᠵᠤ᠂ ᠵᠣᠭᠤᠰ ᠢ ᠪᠤᠴᠠᠭᠠᠯᠭᠠᠬᠤ ᠪᠠᠷ ᠱᠠᠭᠠᠷᠳᠠᠭᠰᠠᠨ ᠪᠣᠯᠪᠠᠴᠤ ᠲᠡᠭᠦᠨ ᠤ ᠬᠦᠰᠡᠯ ᠱᠠᠭᠠᠷᠳᠠᠯᠭ᠎ᠠ ᠨᠢ ᠬᠤᠳᠠᠯᠳᠤᠭᠠᠴᠢᠨ ᠲᠠᠢ ᠰᠠᠨᠠᠯ ᠨᠢᠭᠡᠲᠡᠶ ᠪᠣᠯᠤᠭᠰᠠᠨ ᠦᠭᠡᠢ᠂ ᠲᠣᠰ ᠬᠡᠷᠡᠭᠯᠡᠭᠴᠢᠳ ᠡᠨᠡ ᠵᠢᠯ ᠤᠨ 7 ᠳ᠋ᠤᠭᠠᠷ ᠰᠠᠷ᠎ᠠ ᠶᠢᠨ 10 ᠤ ᠡᠳᠦᠷ 12315 ᠲᠠᠪᠴᠠᠩ ᠳᠤ ᠤᠲᠠᠰᠤᠳᠠᠵᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠪᠠᠶᠢᠨ᠎ᠠ᠃ ᠱᠢ ᠳ᠋ᠦᠩ ᠵᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ 11 ᠤ ᠡᠳᠦᠷ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ 12 ᠤᠨ ᠡᠳᠦᠷ ᠤᠨ ᠦᠳᠡ ᠶᠢᠨ ᠬᠤᠶᠢᠨ᠎ᠠ 3 ᠠᠵᠢᠯᠲᠠᠨ ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠬᠦᠷᠴᠦ᠂ ᠬᠤᠶᠠᠷ ᠲᠠᠯ᠎ᠠ ᠠᠴᠠ ᠪᠠᠶᠢᠳᠠᠯ ᠢ ᠤᠶᠢᠯᠠᠭᠠᠵᠤ᠂ ᠠᠵᠢᠯᠲᠠᠳ ᠮᠠᠰᠢ ᠨᠠᠷᠢᠨ ᠨᠢᠮᠪᠠᠶ ᠬᠦᠯᠢᠴᠡᠩᠭᠦᠶ ᠪᠠᠷ ᠬᠤᠳᠠᠯᠳᠤᠭᠠᠴᠢᠨ ᠲᠠᠢ ᠵᠥᠪᠳᠡᠯᠴᠡᠵᠦ᠂ ᠬᠤᠶᠠᠷ ᠲᠠᠯ᠎ᠠ ᠶᠢᠨ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠬᠤᠶᠠᠷ ᠲᠠᠯ᠎ᠠ ᠪᠠᠷ ᠢᠶᠠᠨ ᠡᠴᠦᠰ ᠲᠡᠭᠡᠨ ᠰᠠᠨᠠᠯ ᠨᠢᠭᠡᠳᠴᠦ᠂ ᠬᠡᠷᠡᠭᠯᠡᠭᠴᠢᠳ ᠦᠷ᠎ᠡ ᠳ᠋ᠦᠩ ᠳᠤ ᠮᠠᠰᠢ ᠬᠠᠨᠤᠮᠵᠢᠲᠠᠶ ᠪᠤᠯᠤᠭᠰᠠᠨ ᠪᠠᠶᠢᠨ᠎ᠠ᠃
     ᠡᠨᠡ ᠪᠣᠯ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠦᠢᠯᠡᠳᠦᠯᠭᠡᠵᠢᠭᠦᠯᠵᠦ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠦᠬᠦᠴᠡᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠠᠮᠢᠳᠤᠯᠢᠭ ᠦᠢᠯᠡᠳᠦᠯᠭᠡ ᠪᠣᠯᠤᠨ᠎ᠠ᠃ ᠣᠶᠢᠷ᠎ᠠ ᠶᠢᠨ ᠵᠢᠯ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠤᠯᠤᠰ ᠤᠨ 12315 ᠲᠠᠪᠴᠠᠩ ᠬᠢᠭᠡᠳ 12345 ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯᠯᠠᠭᠤᠯᠵᠤ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠡᠷᠡᠭᠯᠡᠭᠴᠢᠳ ᠤᠨ ᠵᠠᠭᠠᠯᠳᠤᠯᠭ᠎ᠠ ᠶᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠨ᠂ ᠬᠠᠷᠢᠭᠤᠯᠲᠠ ᠥᠭᠬᠦ ᠶᠢᠨ ᠬᠠᠮᠲᠤ ᠬᠡᠷᠡᠭᠯᠡᠭᠡᠨ ᠤ ᠣᠷᠴᠢᠨ ᠨᠦᠬᠦᠴᠡᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠢᠳᠡᠪᠬᠢᠲᠡᠶ ᠥᠷᠨᠢᠭᠦᠯᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠤ ᠢᠲᠡᠭᠡᠯ ᠪᠠ ᠵᠥᠪᠰᠢᠶᠡᠷᠡᠯ ᠢ ᠤᠯᠪᠠ᠃      2024 ᠤᠨ ᠤ 1 ᠳ᠋ᠤᠭᠡᠷ ᠰᠠᠷ᠎ᠠ ᠠᠴᠠ ᠣᠳᠣ ᠪᠣᠯᠲᠠᠯ᠎ᠠ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠷᠡᠭᠯᠡᠭᠴᠢᠳ ᠤᠨ ᠵᠠᠭᠠᠯᠲᠤᠵᠤ ᠢᠯᠡᠴᠢᠯᠡᠨ ᠮᠡᠳᠡᠭᠦᠯᠬᠦ ᠶᠢ ᠨᠡᠶᠢᠲᠡ 12059 ᠬᠤᠪᠢ ᠬᠦᠯᠢᠶᠡᠨ ᠠᠪᠴᠤ ᠰᠢᠢᠳᠪᠦᠷᠢᠯᠡᠵᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠶᠠᠪᠤᠳᠠᠯ ᠢ ᠮᠢᠩᠭ᠎ᠠ ᠭᠠᠷᠤᠢ ᠬᠤᠪᠢ ᠶᠢ ᠬᠠᠪᠰᠤᠷᠤᠨ᠂ ᠬᠡᠷᠡᠭᠯᠡᠭᠡᠨ ᠤ ᠣᠷᠴᠢᠨ ᠨᠦᠬᠦᠴᠡᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠠᠵᠢᠯ ᠤᠨ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号