ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠳᠣᠯᠣᠭᠠᠨ ᠰᠠᠷ᠎ᠠ ᠶᠢᠨ ᠳᠤᠯᠤᠭᠠᠨ ᠤ ᠪᠠᠶᠠᠷ ᠤᠨ ᠡᠳᠦᠷ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠰᠠᠭᠤᠭᠠᠯᠢ ᠠᠷᠠᠳ ᠤᠨ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/8/12
     ᠳᠣᠯᠣᠭᠠᠨ ᠰᠠᠷ᠎ᠠ ᠶᠢᠨ ᠳᠣᠯᠣᠭᠠᠨ ᠤ ᠪᠠᠶᠠᠷ ᠪᠣᠯᠤᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠬᠦᠷᠴᠦ ᠢᠷᠡᠬᠦ ᠲᠠᠰᠢᠷᠠᠮ ᠳᠤ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ 8 ᠳ᠋ᠤᠭᠠᠷ ᠰᠠᠷ᠎ᠠ ᠶᠢᠨ 8 ᠤ ᠡᠳᠦᠷ ᠪᠠᠷᠠᠭᠤᠨ ᠡᠷᠭᠢ ᠶᠢᠨ ᠣᠯᠠᠨ ᠤᠯᠤᠰ ᠤᠨ ᠰᠠᠭᠤᠭᠠᠯᠢ ᠠᠷᠠᠳ ᠤᠨ ᠬᠤᠷᠢᠶᠠᠯᠠᠯ ᠳᠤ ︽ᠷᠣᠮᠠᠨᠲ᠋ᠢᠭ ᠳᠣᠯᠣᠭᠠᠨ ᠰᠠᠷ᠎ᠠ ᠶᠢᠨ ᠳᠣᠯᠣᠭᠠᠨ ᠤ ᠪᠠᠶᠠᠷ · ᠢᠳᠡᠷᠡᠭᠦᠨ ᠠᠯᠬᠤᠭ᠎ᠠ ᠪᠠᠷ ᠬᠠᠮᠲᠤ ᠶᠠᠪᠤᠬᠤ︾ ᠪᠠᠷ ᠭᠤᠣᠯ ᠰᠡᠳᠦᠪ ᠪᠣᠯᠭᠠᠭᠰᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠶᠢ ᠡᠷᠬᠢᠯᠡᠪᠡ᠃
     ᠥᠷᠯᠥᠭᠡ ᠶᠢᠨ ᠨᠡᠷᠡᠨ ᠤ ᠭᠡᠷᠡᠯ ᠪᠠᠷᠠᠭᠤᠨ ᠡᠷᠭᠢ ᠶᠢᠨ ᠣᠯᠠᠨ ᠤᠯᠤᠰ ᠤᠨ ᠰᠠᠭᠤᠭᠠᠯᠢ ᠠᠷᠠᠳ ᠤᠨ ᠬᠤᠷᠢᠶᠠᠯᠠᠯ ᠤᠨ ᠵᠠᠮ ᠳᠡᠭᠡᠷ᠎ᠡ ᠲᠤᠰᠴᠤ᠂ ᠮᠠᠰᠢ ᠣᠯᠠᠨ ᠰᠠᠭᠤᠭᠠᠯᠢ ᠠᠷᠠᠳ ᠬᠥᠩᠭᠡᠨ ᠲᠠᠮᠢᠷ ᠤᠨ ᠬᠤᠪᠴᠠᠰᠤ ᠡᠮᠦᠰᠴᠦ᠂ ᠴᠤᠭ ᠵᠢᠪᠬᠤᠭ᠎ᠠ ᠪᠠᠳᠠᠷᠠᠩᠭᠤᠶ ᠪᠠᠷ ᠪᠠᠷᠠᠭᠤᠨ ᠡᠷᠭᠢ ᠶᠢᠨ ᠣᠯᠠᠨ ᠤᠯᠤᠰ ᠤᠨ ᠰᠠᠭᠤᠭᠠᠯᠢ ᠠᠷᠠᠳ ᠤᠨ ᠬᠤᠷᠢᠶᠠᠯᠠᠯ ᠤᠨ ᠬᠤᠶᠢᠲᠤ ᠠᠭᠤᠳᠠᠮ ᠲᠠᠯᠠᠪᠠᠶ ᠳᠤ ᠴᠤᠭᠯᠠᠷᠠᠵᠠᠶ᠃ ᠱᠦᠭᠯᠦ ᠦᠯᠢᠶᠡᠬᠦ ᠶᠢ ᠳᠠᠭᠠᠯᠳᠤᠨ ᠢᠳᠡᠷᠡᠭᠦᠨ ᠠᠯᠬᠤᠭ᠎ᠠ ᠬᠥᠰᠢᠭᠡ ᠪᠠᠨ ᠰᠡᠬᠦᠪᠡ᠃ ᠣᠷᠣᠯᠴᠠᠭᠴᠢ ᠢᠳᠡᠷᠡᠭᠦᠨ ᠠᠯᠬᠤᠭ᠎ᠠ ᠪᠠᠷ ᠬᠥᠳᠡᠯᠭᠡᠭᠡᠨ ᠤ ᠵᠣᠬᠢᠶᠠᠨ ᠪᠠᠶᠢᠭᠤᠯᠤᠭᠴᠢ ᠶᠢᠨ ᠨᠠᠷᠢᠨ ᠨᠢᠮᠪᠠᠢ ᠲᠥᠯᠥᠪᠵᠢᠭᠦᠯᠦᠭᠰᠡᠨ ᠵᠠᠮ ᠢᠶᠠᠷ ᠤᠷᠤᠭᠰᠢᠯᠠᠪᠠ᠃
     ᠵᠠᠮ ᠲᠤᠵᠢ ᠣᠯᠠᠨ ᠢᠶᠠᠷ ᠢᠶᠠᠨ ᠪᠠᠶᠠᠷᠯᠠᠨ ᠢᠨᠢᠶᠡᠯᠴᠡᠵᠦ᠂ ᠬᠤᠷᠢᠶᠠᠯᠠᠯ ᠤᠨ ᠳᠣᠲᠣᠷᠠᠬᠢ ᠭᠤᠶᠤ ᠰᠠᠶᠢᠬᠠᠨ ᠦᠵᠡᠮᠵᠢ ᠶᠢ ᠰᠣᠨᠢᠷᠬᠠᠵᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠠᠴᠠ ᠪᠣᠯᠤᠭᠰᠠᠨ ᠪᠡᠶ᠎ᠡ ᠰᠡᠳᠬᠢᠯ ᠤᠨ ᠪᠠᠶᠠᠷ ᠪᠠᠶᠠᠰᠤᠯ ᠢ ᠣᠶᠢᠯᠠᠭᠠᠪᠠ᠃ ᠵᠠᠯᠠᠭᠤᠴᠤᠳ ᠪᠠ ᠨᠠᠰᠤᠲᠠᠶᠢᠴᠤᠳ ᠭᠡᠰᠡᠨ ᠦᠭᠡᠢ᠂ ᠴᠥᠮ ᠢᠳᠡᠷᠡᠭᠦᠨ ᠠᠯᠬᠤᠭ᠎ᠠ ᠶᠢᠨ ᠶᠠᠪᠤᠴᠠ ᠳᠤ ᠣᠷᠭᠢᠯᠤᠮ᠎ᠠ ᠬᠠᠯᠠᠭᠤᠨ ᠰᠡᠳᠬᠢᠯᠭᠡ ᠪᠠ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃
     ᠲᠣᠰ ᠤᠳᠠᠭᠠᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠨᠢ ᠳᠣᠯᠣᠭᠠᠨ ᠰᠠᠷ᠎ᠠ ᠶᠢᠨ ᠳᠣᠯᠣᠭᠠᠨ ᠤ ᠪᠠᠶᠠᠷ ᠤᠨ ᠷᠣᠮᠠᠨᠲ᠋ᠢᠭ ᠠᠭᠤᠷ ᠠᠮᠢᠰᠬᠤᠯ ᠤᠨ ᠦᠷᠭᠦᠯᠵᠢᠯᠡᠯ ᠢ ᠪᠠᠷᠢᠮᠲᠠᠯᠠᠭᠰᠠᠨ ᠢᠶᠠᠷ ᠪᠠᠷᠠᠬᠤ ᠥᠬᠡᠶ᠂ ᠨᠠᠩ ᠴᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠬᠦᠴᠦᠲᠡᠶ ᠦᠢᠯᠡᠳᠦᠯᠭᠡᠵᠢᠭᠦᠯᠦᠭᠰᠡᠨ ᠶᠠᠪᠤᠳᠠᠯ ᠪᠣᠯᠤᠨ᠎ᠠ᠃ ᠲᠤᠰ ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ ᠠᠷᠠᠳ ᠢᠯᠡᠷᠬᠡᠶᠢᠯᠡᠬᠦ ᠳᠡᠭᠡᠨ᠂ ᠡᠶᠢᠮᠦᠷᠬᠦ ᠠᠵᠢᠯᠯᠠᠭ᠎ᠠ ᠨᠢ ᠲᠡᠳᠡᠨ ᠢ ᠳᠣᠯᠣᠭᠠᠨ ᠰᠠᠷ᠎ᠠ ᠶᠢᠨ ᠳᠤᠯᠤᠭᠠᠨ ᠡᠨᠡ ᠬᠦ ᠣᠨᠴᠠᠭᠠᠶ ᠡᠳᠦᠷ ᠲᠤ ᠠᠳᠠᠯᠢ ᠪᠤᠰᠤ ᠷᠣᠮᠠᠨᠲ᠋ᠢᠭ ᠪᠠ ᠠᠮᠢᠵᠢᠷᠠᠯ ᠤᠨ ᠬᠦᠴᠦᠨ ᠢ ᠮᠡᠳᠡᠷᠡᠭᠦᠯᠬᠦ ᠶᠢᠨ ᠬᠠᠮᠲᠤ ᠥᠪᠡᠷ ᠤᠨ ᠪᠡᠶ᠎ᠡ ᠴᠢᠭᠢᠷᠠᠭᠵᠢᠭᠤᠯᠬᠤ ᠤᠬᠠᠮᠰᠠᠷ ᠢᠶᠠᠨ ᠨᠡᠮᠡᠭᠳᠡᠭᠦᠯᠵᠡᠶ᠃      ᠡᠨᠡ ᠤᠳᠠᠭᠠᠨ ᠤ ᠳᠣᠯᠣᠭᠠᠨ ᠰᠠᠷ᠎ᠠ ᠶᠢᠨ ᠳᠣᠯᠣᠭᠠᠨ ᠤ ᠡᠳᠦᠷ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠠᠵᠢᠯᠯᠠᠭ᠎ᠠ ᠳᠤ᠂ ᠪᠠᠷᠠᠭᠤᠨ ᠨᠣᠭᠤᠭ᠎ᠠ ᠶᠢᠨ ᠬᠠᠰᠢᠶ᠎ᠠ ᠶᠢᠨ ᠰᠠᠭᠤᠭᠠᠯᠢ ᠠᠷᠠᠳ ᠠᠯᠬᠤᠭ᠎ᠠ ᠪᠠᠷ ᠢᠶᠠᠨ ᠡᠷᠡᠭᠦᠯ ᠰᠠᠷᠠᠭᠤᠯ ᠠᠮᠢᠳᠤᠷᠠᠯ ᠤᠨ ᠣᠶᠢᠯᠠᠭᠠᠭᠳᠠᠬᠤᠨ ᠢ ᠲᠠᠶᠢᠯᠪᠤᠷᠢᠯᠠᠭᠰᠠᠨ ᠪᠥᠭᠡᠳ ᠡᠨᠡ ᠬᠦ ᠣᠨᠴᠠᠭᠠᠶ ᠪᠠᠶᠠᠷ ᠤᠨ ᠡᠳᠦᠷ ᠲᠤ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠠᠷᠠᠭᠤᠨ ᠨᠣᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠨᠡᠩ ᠤᠯᠠᠨ ᠪᠠᠶᠠᠯᠢᠭ ᠰᠠᠶᠢᠬᠠᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠡᠷᠡᠭᠦᠯ ᠴᠢᠭᠢᠷᠠᠭ᠂ ᠡᠶ᠎ᠡ ᠵᠣᠬᠢᠴᠠᠩᠭᠤᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠴᠣᠭᠴᠠᠯᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号