ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/8/12
     ᠢᠦᠶ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠣᠤᠷ᠎ᠠ᠄ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠠᠯᠪᠠᠨ ᠬᠡᠷ᠂ ᠢᠦᠶ ᠴᠢᠤᠸᠠᠨ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠲᠥᠪ᠂ ᠢᠦᠶ ᠴᠢᠤᠸᠠᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠢᠦᠶ ᠴᠢᠤᠸᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯ ᠤᠨ  ᠦᠢᠯᠡᠴᠢᠯᠡᠭᠡᠨ ᠤ ᠲᠥᠪ ᠵᠡᠷᠭᠡ ᠳᠥᠷᠪᠡᠨ ᠪᠠᠶᠢᠭᠤᠯᠤᠮᠵᠢ ᠲᠠᠢ᠃ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠠᠯᠪᠠᠨ ᠭᠡᠷ ᠤᠨ ᠠᠵᠢᠯ ᠤᠨ ᠡᠭᠦᠷᠭᠡ ᠴᠢᠳᠠᠮᠵᠢ᠄      ︵ᠨᠢᠭᠡ︶ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠯᠴᠠᠬᠤ ᠵᠡᠷᠭᠡ ᠠᠵᠢᠯ ᠢ ᠡᠭᠦᠷᠭᠡᠯᠡᠨ᠎ᠡ᠃      ︵ᠬᠤᠶᠠᠷ︶ ᠬᠠᠮᠢᠶ᠎ᠠ ᠪᠥᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠶᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃      ︵ᠭᠤᠷᠪᠠ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ ᠤ ᠵᠠᠷᠭᠤ ᠬᠢᠬᠦ ᠵᠡᠷᠭᠡ ᠠᠵᠢᠯ ᠢ ᠡᠭᠦᠷᠭᠡᠯᠡᠨ᠎ᠡ᠃      ︵ᠳᠦᠷᠪᠡ︶ ᠳᠡᠭᠡᠳᠦ ᠱᠠᠲᠤᠨ ᠠᠴᠠ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠪᠡᠶᠡᠯᠡᠭᠦᠯᠦᠨ᠎ᠡ᠃ ᠢᠦᠶ ᠴᠢᠤᠸᠠᠨ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠲᠥᠪ ᠤᠨ ᠠᠵᠢᠯ ᠤᠨ ᠡᠭᠦᠷᠭᠡ ᠴᠢᠳᠠᠮᠵᠢ᠄      ︵ᠨᠢᠭᠡ︶ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠤᠳᠤᠯᠭ᠎ᠠ ᠶᠢ ᠲᠣᠭᠲᠠᠭᠠᠬᠤ᠂ ᠬᠥᠭᠵᠢᠯᠲᠡ ᠶᠢᠨ ᠲᠥᠯᠥᠪᠵᠢᠭᠦᠯᠭᠡ ᠶᠢ ᠪᠠᠶᠢᠴᠠᠭᠠᠨ ᠰᠤᠳᠤᠯᠬᠤ᠂ ᠠᠪᠤᠷᠠᠨ ᠲᠤᠰᠠᠯᠠᠬᠤ ᠲᠥᠷᠥ ᠶᠢᠨ ᠪᠤᠳᠤᠯᠭ᠎ᠠ ᠶᠢᠨ ᠯᠠᠪᠯᠠᠯᠭ᠎ᠠ᠂ ᠠᠪᠤᠷᠠᠨ ᠲᠤᠰᠠᠯᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠲᠤᠰᠠᠯᠠᠬᠤ ᠠᠵᠢᠯ ᠢ ᠡᠭᠦᠷᠭᠡᠯᠡᠨ᠎ᠡ︔ ᠨᠡᠶᠢᠭᠡᠮ ᠤᠨ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠬᠠᠮᠠᠭᠠᠯᠠᠬᠤ᠂ ᠵᠠᠳᠠᠯᠬᠤ᠂ ᠬᠢᠨᠠᠨ ᠬᠡᠮᠵᠢᠬᠦ ᠵᠡᠷᠭᠡ ᠠᠵᠢᠯ ᠢ ᠰᠠᠶᠢᠲᠤᠷ ᠬᠢᠨ᠎ᠠ︔ ᠣᠷᠣᠯᠭ᠎ᠠ ᠪᠠᠭᠠᠲᠠᠶ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠯᠠᠪᠯᠠᠬᠤ᠂ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠨ᠎ᠡ᠃      ︵ᠬᠤᠶᠠᠷ︶ ᠲᠣᠰ ᠲᠤᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠤᠬᠡᠳ ︵ᠥᠨᠥᠴᠢᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ᠂ ᠬᠦᠴᠢᠷᠳᠡᠯ ᠳᠤ ᠲᠤᠯᠭᠠᠷᠠᠭᠰᠠᠨ ᠬᠡᠤᠬᠡᠳ᠂ ᠬᠡᠷ ᠲᠡᠭᠡᠨ ᠬᠤᠴᠣᠷᠤᠭᠰᠠᠨ ᠬᠡᠤᠬᠡᠳ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠡᠤᠬᠡᠳ ᠵᠡᠷᠭᠡ ᠪᠠᠭᠲᠠᠨ᠎ᠠ︶ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃      ︵ᠭᠤᠷᠪᠠ︶ ᠲᠣᠰ ᠲᠤᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠢᠭᠦᠯᠡᠰᠦᠩᠭᠦᠶ ᠶᠢᠨ ᠦᠢᠯᠡᠰ ᠤᠨ  ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃      ︵ᠳᠦᠷᠪᠡ︶ ᠲᠣᠰ ᠲᠤᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠮᠢᠳᠤᠷᠠᠯ ᠨᠢ ᠨᠠᠶᠢᠳᠠᠪᠤᠷᠢ ᠥᠬᠡᠶ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃      ︵ᠲᠠᠪᠤ︶ ᠲᠣᠰ ᠲᠤᠭᠤᠷᠢᠭ ᠤᠨ ᠢᠶᠠᠨ ᠵᠡᠮᠳᠡᠭᠴᠦᠳ ᠲᠤ ᠨᠥᠬᠦᠪᠥᠷᠢ ᠣᠯᠭᠤᠬᠤ ᠠᠵᠢᠯ ᠢ ᠡᠭᠦᠷᠭᠡᠯᠡᠨ᠎ᠡ᠃      ︵ᠵᠢᠷᠭᠤᠭ᠎ᠠ︶ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ ᠢᠦᠶ ᠴᠢᠤᠸᠠᠨ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠠᠵᠢᠯ ᠤᠨ ᠡᠭᠦᠷᠭᠡ ᠴᠢᠳᠠᠮᠵᠢ᠄      ︵ᠨᠢᠭᠡ︶ ᠨᠠᠰᠤᠵᠢᠯ ᠤᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠥᠭᠵᠢᠭᠦᠯᠦᠯᠲᠡ ᠶᠢᠨ ᠲᠥᠯᠥᠪᠵᠢᠭᠦᠯᠭᠡ᠂ ᠪᠠᠷᠢᠮᠵᠢᠶ᠎ᠠ ᠶᠢᠨ ᠪᠠᠶᠢᠴᠠᠭᠠᠨ ᠰᠤᠳᠤᠯᠤᠯᠲᠠ᠂ ᠨᠤᠲᠠᠯᠠᠯᠲᠠ ᠵᠡᠷᠭᠡ ᠲᠤᠰᠠᠯᠠᠬᠤ ᠠᠵᠢᠯ ᠢ ᠡᠭᠦᠷᠭᠡᠯᠡᠨ᠎ᠡ᠃      ︵ᠬᠤᠶᠠᠷ︶ ᠨᠠᠰᠤᠵᠢᠯ ᠤᠨ ᠠᠰᠠᠷᠠᠮᠵᠢ ᠶᠢᠨ ᠵᠢᠱᠢᠶ᠎ᠡ ᠦᠵᠡᠭᠦᠯᠬᠦ ᠴᠢᠨᠠᠷᠲᠠᠶ ᠦᠢᠯᠡᠴᠢᠯᠡᠭᠡ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠤᠬᠠᠭᠤᠯᠭ᠎ᠠ ᠯᠠᠪᠯᠠᠯᠭ᠎ᠠ ᠵᠡᠷᠭᠡ ᠬᠠᠮᠢᠶ᠎ᠠ ᠪᠥᠬᠦᠢ ᠠᠵᠢᠯ ᠢ ᠡᠭᠦᠷᠭᠡᠯᠡᠨ᠎ᠡ᠃      ︵ᠭᠤᠷᠪᠠ︶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠶᠢᠨ ᠬᠤᠪᠢᠶᠠᠷᠢᠯᠠᠯ ᠢ ᠦᠨᠡᠯᠡᠨ ᠲᠣᠭᠲᠠᠭᠠᠬᠤ  ᠦᠢᠯᠡᠴᠢᠯᠡᠭᠡᠨ ᠤ ᠴᠢᠨᠠᠷᠲᠠᠶ ᠠᠵᠢᠯ ᠢ ᠡᠭᠦᠷᠭᠡᠯᠡᠨ᠎ᠡ᠃      ︵ᠳᠦᠷᠪᠡ︶ ᠪᠥᠬᠦ ᠲᠤᠭᠤᠷᠢᠭ ᠤᠨ ᠥᠨᠳᠥᠷ ᠨᠠᠰᠤᠨ ᠤ ᠨᠡᠮᠡᠭᠦᠷᠢ ᠣᠯᠭᠤᠬᠤ ᠠᠵᠢᠯ ᠢ ᠡᠭᠦᠷᠭᠡᠯᠡᠨ᠎ᠡ᠃      ︵ᠲᠠᠪᠤ︶ ᠪᠥᠬᠦ ᠲᠤᠭᠤᠷᠢᠭ ᠤᠨ ᠣᠷᠣᠰᠢᠭᠤᠯᠭ᠎ᠠ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃      ︵ᠵᠢᠷᠭᠤᠭ᠎ᠠ︶ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠢᠦᠶ ᠴᠢᠤᠸᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯ ᠤᠨ ᠦᠢᠯᠡᠴᠢᠯᠡᠭᠡᠨ ᠤ ᠲᠥᠪ ᠤᠨ ᠡᠭᠦᠷᠭᠡ ᠴᠢᠳᠠᠮᠵᠢ᠄      ︵ᠨᠢᠭᠡ︶ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠵᠢᠴᠢ ᠬᠤᠲᠠ᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠵᠢᠴᠢ ᠨᠡᠶᠢᠭᠡᠮ ᠲᠣᠭᠤᠷᠢᠭ ᠤᠨ ᠵᠠᠰᠠᠯᠲᠠ ᠶᠢᠨ ᠬᠠᠮᠢᠶ᠎ᠠ ᠪᠥᠬᠦᠶ ᠲᠤᠰᠠᠯᠠᠬᠤ ᠠᠵᠢᠯ ᠢ ᠡᠭᠦᠷᠭᠡᠯᠡᠨ᠎ᠡ︔ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠤᠶᠤᠨᠴᠢᠯᠠᠭᠰᠠᠨ ᠲᠠᠪᠴᠠᠩ ᠢ ᠬᠡᠷᠡᠭᠯᠡᠬᠦ ᠠᠵᠢᠯ ᠢ ᠲᠦᠯᠬᠢᠨ ᠠᠬᠢᠭᠤᠯᠤᠨ᠎ᠠ᠃      ︵ᠬᠤᠶᠠᠷ︶ ᠦᠨᠳᠦᠰᠦᠨ ᠱᠠᠲᠤᠨ ᠤ ᠵᠠᠰᠠᠭ ᠤᠨ ᠪᠠᠶᠢᠭᠤᠯᠤᠯᠲᠠ ᠶᠢᠨ ᠬᠠᠮᠢᠶ᠎ᠠ ᠪᠥᠬᠦᠢ ᠲᠤᠰᠠᠯᠠᠬᠤ ᠠᠵᠢᠯ ᠢ ᠡᠭᠦᠷᠭᠡᠯᠡᠨ᠎ᠡ᠃      ︵ᠭᠤᠷᠪᠠ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃      ︵ᠳᠦᠷᠪᠡ︶ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠪᠠ ᠭᠠᠵᠠᠷ ᠤᠨ ᠨᠡᠷ᠎ᠡ ᠶᠢ ᠬᠠᠶᠢᠨ ᠲᠣᠭᠲᠠᠭᠠᠬᠤ  ᠦᠢᠯᠡᠴᠢᠯᠡᠭᠡᠨ ᠤ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃      ︵ᠲᠠᠪᠤ︶ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠠᠵᠢᠯᠯᠠᠬᠤ ᠬᠠᠶ᠋ᠢᠭ᠄ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠵᠣᠣ ᠵᠢᠶᠦ᠋ᠨ ᠵᠠᠮ ᠤᠨ 19 ᠳ᠋ᠤᠭᠡᠷ ᠲᠣᠭᠤᠷᠢᠭ ᠤᠨ ᠨᠠᠮ ᠵᠠᠰᠠᠭ ᠤᠨ ᠠᠯᠪᠠᠨ ᠠᠰᠠᠷ ᠤᠨ ᠨᠢᠭᠡᠳᠦᠭᠡᠷ ᠳᠠᠪᠬᠤᠷᠯᠢᠭ      ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471— 5686449      ᠬᠠᠷᠢᠭᠤᠴᠠᠯᠭ᠎ᠠ ᠡᠭᠦᠷᠭᠡᠯᠡᠭᠴᠢ᠄ ᠦ᠋ ᠵᠢᠶᠠᠨ ᠵᠢᠶᠦ᠋ᠨ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号