8 ᠳ᠋ᠤᠭᠠᠷ ᠰᠠᠷ᠎ᠠ ᠶᠢᠨ 9 ᠤ ᠡᠳᠦᠷ᠂ ᠢᠦᠢ ᠴᠢᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ | ᠬᠤᠷᠠᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠢᠦᠢ ᠴᠢᠤᠸᠠᠨ ᠲᠣᠭᠤᠷᠢᠭ ᠤᠨ ᠬᠤᠷᠢᠶ᠎ᠠ ᠬᠥᠬᠡᠬᠤᠲᠠ ᠶᠢᠨ | ᠬᠤᠶᠠᠳᠤᠭᠠᠷ ᠭᠢᠨᠳᠠᠨ᠂ ᠬᠥᠬᠡᠬᠤᠲᠠ ᠶᠢᠨ ᠨᠢᠭᠡᠳᠦᠭᠡᠷ ᠭᠢᠨᠳᠠᠨ ᠲᠠᠢ ᠬᠠᠮᠲᠤᠷᠠᠨ ᠨᠥᠬᠦᠷᠯᠡᠯ ᠤᠨ ᠬᠤᠷᠠᠯ ᠤᠨ | ᠠᠵᠢᠯᠯᠠᠭ᠎ᠠ ᠥᠷᠨᠢᠭᠦᠯᠪᠡ᠃ | | | | | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 100 ᠭᠠᠷᠤᠶ ᠡᠷᠡᠭᠲᠡᠶ ᠡᠮᠡᠭᠲᠡᠶ ᠵᠠᠯᠠᠭᠤᠴᠤᠳ ᠣᠷᠣᠯᠴᠠᠵᠤ᠂ | ᠲᠤᠬᠠᠶ ᠶᠢᠨ ᠲᠠᠯᠠᠪᠠᠶ ᠬᠥᠮᠦᠰ ᠤᠨ ᠨᠢᠳᠦ ᠶᠢ ᠭᠡᠷᠡᠯᠲᠦᠭᠦᠯᠵᠦ᠂ ᠠᠵᠢᠯᠯᠠᠭ᠎ᠠ ᠳᠤ ᠠᠩᠬ᠎ᠠ ᠠᠯᠬᠤᠮ ᠤᠨ ᠰᠠᠭᠤᠭᠳᠠᠯ᠂ | ᠬᠠᠷᠢᠯᠴᠠᠨ ᠬᠥᠳᠡᠯᠦᠯᠴᠡᠬᠦ ᠲᠣᠭᠯᠠᠭᠠᠮ᠂ ᠬᠠᠶᠢᠷ᠎ᠠ ᠰᠡᠳᠬᠢᠯᠭᠡ ᠶᠢᠨ ᠲᠠᠯ᠎ᠠ ᠲᠠᠯ᠎ᠠ ᠶᠢᠨ ᠦᠵᠡᠯᠲᠡ᠂ ᠬᠠᠶᠢᠷ᠎ᠠ ᠶᠢᠨ | ᠬᠥᠭ ᠠᠶᠠᠰ ᠵᠡᠷᠭᠡ ᠭᠤᠭᠴᠤᠭ᠎ᠠ ᠶᠢ ᠲᠣᠬᠢᠷᠠᠭᠤᠯᠵᠠᠶ᠃ ᠬᠡᠯᠪᠡᠷᠢ ᠨᠢ ᠰᠢᠨ᠎ᠡ ᠰᠡᠪᠡᠭᠦᠨ᠂ ᠠᠭᠤᠯᠭ᠎ᠠ ᠪᠠᠷ ᠪᠠᠶᠠᠯᠢᠭ | ᠨᠠᠶᠢᠵᠠᠯᠠᠬᠤ ᠠᠵᠢᠯᠯᠠᠭ᠎ᠠ ᠨᠢ ᠣᠯᠠᠨ ᠢᠶᠠᠷ ᠢᠶᠠᠨ ᠬᠠᠷᠢᠯᠴᠠᠨ ᠣᠶᠢᠯᠠᠭᠠᠯᠴᠠᠵᠤ᠂ ᠬᠠᠮᠲᠤ ᠶᠢᠨ ᠠᠵᠢᠯᠯᠠᠭᠠᠨ ᠤ ᠳᠤᠮᠳᠠ | ᠵᠠᠶ ᠨᠢ ᠤᠶᠢᠷᠠᠳᠴᠤ᠂ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠠᠶ᠃ | | | | | ᠭᠠᠭᠴᠠ ᠪᠡᠶ᠎ᠡ ᠵᠠᠯᠠᠭᠤᠴᠤᠳ ᠢᠨᠠᠭ ᠳᠤᠷᠠᠯᠠᠯ ᠤᠨ ᠬᠦᠰᠡᠯ ᠡᠷᠡᠮᠡᠯᠵᠡᠯ ᠢ ᠡᠪᠦᠷᠯᠡᠨ᠂ ︽ᠱᠠᠭᠠᠵᠠᠭᠠᠢ ᠶᠢᠨ | ᠬᠥᠭᠦᠷᠭᠡ︾ ᠳᠤ ᠴᠤᠭᠯᠠᠷᠠᠵᠤ᠂ 3 ᠴᠠᠭ ᠤᠨ ᠬᠠᠷᠢᠯᠴᠠᠭ᠎ᠠ ᠪᠠᠷ ᠳᠠᠮᠵᠢᠨ ᠡᠴᠦᠰ ᠲᠡᠭᠡᠨ 12 ᠬᠤᠣᠰ ᠡᠷᠡᠭᠲᠡᠢ | ᠡᠮᠡᠭᠲᠡᠢ ᠵᠠᠯᠠᠭᠤᠴᠤᠳ ᠰᠡᠳᠬᠢᠯ ᠰᠠᠨᠠᠭ᠎ᠠ ᠪᠠᠨ ᠬᠠᠷᠢᠯᠴᠠᠨ ᠢᠯᠡᠳᠬᠡᠵᠦ ᠭᠠᠷ ᠬᠥᠲᠥᠯᠥᠯᠴᠡᠨ ᠠᠮᠵᠢᠯᠲᠠ ᠳᠤ ᠬᠦᠷᠪᠡ᠃ | | | | | | ︽ᠡᠨᠡ ᠤᠳᠠᠭᠠᠨ ᠤ ᠠᠵᠢᠯᠯᠠᠭ᠎ᠠ ᠳᠤ ᠮᠠᠰᠢ ᠲᠠᠯᠠᠷᠬᠠᠵᠤ ᠪᠠᠶᠢᠨ᠎ᠠ᠂ ᠮᠠᠨ ᠤ ᠵᠣᠬᠢᠬᠤ ᠨᠠᠰᠤᠨ ᠤ | ᠵᠠᠯᠠᠭᠤᠴᠤᠳ ᠤᠨ ᠤᠷᠤᠭ ᠬᠤᠷᠢᠮ ᠤᠨ ᠠᠰᠠᠭᠤᠳᠠᠯ ᠢ ᠠᠩᠬᠠᠷᠴᠤ᠂ ᠪᠢᠳᠡᠨ ᠳᠤ ᠰᠢᠨ᠎ᠡ ᠨᠠᠶᠢᠵᠠ ᠪᠠᠨ ᠲᠠᠨᠢᠬᠤ | ᠠᠵᠢᠯᠯᠠᠭᠠᠨ ᠤ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ︾ ᠭᠡᠵᠦ ᠠᠵᠢᠯᠯᠠᠭ᠎ᠠ ᠳᠤ ᠣᠷᠣᠯᠴᠠᠭᠰᠠᠨ ᠡᠷᠡᠭᠲᠡᠶ | ᠡᠮᠡᠭᠲᠡᠶ ᠵᠠᠯᠠᠭᠤᠴᠤᠳ ᠬᠤᠶᠢᠨ᠎ᠠ ᠬᠤᠶᠢᠨ᠎ᠠ ᠠᠴᠠ ᠪᠠᠨ ᠢᠯᠡᠳᠭᠡᠵᠡᠭᠡᠪᠡ᠃ | | | | | ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ | ᠵᠠᠯᠠᠭᠤᠴᠤᠳ ᠤᠨ ᠤᠷᠤᠭ ᠬᠤᠷᠢᠮ ᠤᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠢᠦᠢ ᠴᠢᠤᠸᠠᠨ | ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠨᠢᠭᠡᠴᠢ ᠲᠠᠢ ᠢᠳᠡᠪᠬᠢᠲᠡᠢ ᠪᠠᠷ ᠬᠤᠯᠪᠣᠭᠠᠯᠠᠨ ᠬᠥᠳᠡᠯᠦᠯᠴᠡᠵᠦ᠂ ᠥᠷᠭᠡᠨ | ᠤᠯᠠᠨ ᠵᠠᠯᠠᠭᠤᠴᠤᠳ ᠲᠤ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠪᠣᠯᠤᠨ ᠨᠥᠬᠦᠷᠯᠡᠯ ᠪᠠᠶᠢᠭᠤᠯᠬᠤ ᠠᠵᠠ | ᠲᠣᠬᠢᠶᠠᠯ ᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠣᠷᠤᠭ ᠭᠡᠷ ᠪᠦᠯᠢ ᠶᠢᠨ ᠠᠵᠢᠯ ᠤᠨ ᠯᠠᠪᠳᠠᠭᠤᠨ ᠪᠠᠲᠤᠲᠠᠢ | ᠪᠦᠲᠦᠮᠵᠢᠲᠡᠢ ᠥᠷᠨᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |