ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/14
     ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠶᠡᠭᠡ ᠬᠤᠷᠠᠯ ᠤᠨ ᠭᠡᠷ ᠲᠤ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠦᠶᠡᠷ ᠤᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠢ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠳ᠋ᠤᠸᠠᠨ ᠬᠠᠢ ᠯᠢᠨ ᠡᠷᠬᠢᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠲᠣᠰᠬᠤᠨ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠵᠢᠴᠢ ᠠᠮᠤᠷ ᠲᠦᠪᠰᠢᠨ ᠤ ᠠᠵᠢᠯᠲᠠᠳ ᠬᠤᠷᠠᠯ ᠳᠤ ᠣᠷᠣᠯᠴᠠᠪᠠ᠃
     ᠬᠤᠷᠠᠯ ᠠᠴᠠ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠬᠥᠳᠡᠭᠡ ᠲᠣᠰᠬᠤᠨ ᠤ ᠠᠵᠤ ᠦᠢᠯᠡᠳᠪᠦᠷᠢ ᠶᠢᠨ ᠠᠯᠪᠠᠨ ᠭᠡᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠵᠢᠴᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠡᠳ᠋ ᠪᠣᠳᠠᠰ ᠤᠨ ᠪᠡᠯᠡᠳᠬᠡᠯ᠂ ᠠᠵᠢᠯᠳᠠᠨ ᠢ ᠵᠣᠬᠢᠶᠠᠨ ᠪᠠᠶᠢᠭᠤᠯᠬᠤ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠡᠯ᠎ᠡ ᠲᠣᠰᠬᠤᠨ ᠨᠡᠶᠢᠭᠡᠮ ᠲᠣᠭᠤᠷᠢᠭ ᠤᠨ ᠠᠮᠠᠷᠬᠠᠨ ᠤᠰᠤᠲᠤᠬᠤ ᠭᠠᠵᠠᠷ ᠤᠨ ᠪᠠᠶᠢᠳᠠᠯ ᠢ ᠡᠮᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠵᠢᠯ ᠤᠨ ᠦᠶᠡᠷ ᠤᠨ ᠬᠤᠭᠤᠴᠠᠭᠠᠨ ᠤ ᠬᠤᠷ᠎ᠠ ᠲᠤᠨᠳᠠᠰᠤ ᠥᠩᠭᠡᠷᠡᠭᠰᠡᠨ ᠵᠢᠯ ᠤᠳ ᠠᠴᠠ ᠢᠯᠡᠳᠲᠡ ᠨᠡᠮᠡᠭᠳᠡᠭᠰᠡᠨ ᠪᠥᠭᠡᠳ ᠤᠰᠤᠨ ᠤ ᠬᠡᠮᠵᠢᠶ᠎ᠡ ᠶᠡᠭᠡ᠂ ᠪᠣᠷᠣᠭᠠᠨ ᠤ ᠪᠠᠶᠢᠳᠠᠯ ᠲᠦᠷᠭᠡᠨ ᠵᠡᠷᠭᠡ ᠣᠨᠴᠠᠯᠢᠭ ᠲᠠᠢ ᠶᠤᠮ᠃ ᠡᠯ᠎ᠡ ᠰᠠᠯᠠᠭ᠎ᠠ ᠮᠥᠴᠢᠷ᠂ ᠡᠯ᠎ᠡ ᠲᠣᠰᠬᠤᠨ ᠨᠡᠶᠢᠭᠡᠮ ᠲᠣᠭᠤᠷᠢᠭ ᠡᠷᠬᠡᠪᠰᠢ ᠲᠠᠨᠢᠯᠲᠠ ᠪᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠶᠡᠷ ᠢ ᠰᠡᠷᠭᠡᠶᠢᠯᠡᠬᠦ ᠠᠵᠢᠯ ᠢ ᠬᠦᠴᠦᠯᠡᠨ ᠠᠬᠢᠭᠤᠯᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃           ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号