ᠨᠢᠭᠡ᠂ ᠢᠯᠡ ᠨᠡᠶᠢᠲᠡᠯᠡᠬᠦ ᠠᠭᠤᠯᠭ᠎ᠠ | ︽ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠭᠲᠠᠭᠰᠠᠨ ᠴᠡᠭ ᠤᠨ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ | ᠲᠣᠪᠴᠢᠶ᠎ᠠ ᠶᠢᠨ ᠵᠠᠷᠯᠢᠭ 2 ᠳ᠋ᠤᠭᠠᠷ ᠲᠣᠭᠠᠲᠤ︶᠂ ︽ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ | ᠡᠮᠨᠡᠯᠭᠡ ᠶᠢᠨ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ | ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠵᠠᠷᠯᠢᠭ 3 ᠳ᠋ᠤᠭᠠᠷ ᠲᠣᠭᠠᠲᠤ︶ ᠪᠠ ︽ | ᠬᠥᠬᠡᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠡᠮᠴᠢᠯᠡᠭᠡᠨ ᠤ | ᠪᠠᠶᠢᠭᠤᠯᠤᠮᠵᠢ ᠶᠢᠨ ᠵᠥᠪᠳᠡᠯᠴᠡᠨ ᠬᠠᠮᠢᠶᠠᠷᠬᠤ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠬᠥᠬᠡᠬᠤᠲᠠ ᠶᠢᠨ | ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ︵ᠬᠥᠬᠡᠬᠤᠲᠠ ᠶᠢᠨ ᠡᠮ ᠡᠮᠨᠡᠯᠭᠡ ᠶᠢᠨ | ᠳᠠᠭᠠᠳᠬᠠᠯ ᠤᠨ ᠲᠠᠷᠬᠠᠭᠠᠭᠰᠠᠨ ﹇2019﹈ 58 ᠳ᠋ᠤᠭᠠᠷ ᠲᠣᠭᠠᠲᠤ︶ ᠵᠢᠴᠢ ︽ᠬᠥᠬᠡᠬᠤᠲᠠ ᠶᠢᠨ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠰᠠᠨ ᠴᠡᠭ ᠤᠨ ᠬᠢᠷᠢ ᠬᠡᠮ ᠢ | ᠮᠡᠳᠡᠭᠦᠯᠬᠦ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠮᠡᠳᠡᠭᠳᠡᠯ︾ ︵ᠬᠥᠬᠡᠬᠤᠲᠠ ᠶᠢᠨ ᠡᠮ ᠡᠮᠨᠡᠯᠭᠡ ᠶᠢᠨ | ᠳᠠᠭᠠᠳᠬᠠᠯ ᠤᠨ ᠲᠠᠷᠬᠠᠭᠠᠭᠰᠠᠨ ﹇2021﹈ 28 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠦᠨᠳᠦᠰᠦᠯᠡᠨ᠂ ᠢᠦᠶ ᠴᠢᠤᠸᠠᠨ ᠲᠣᠭᠤᠷᠢᠭ ᠤᠨ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ ᠨᠡᠶᠢᠲᠡ 14 ᠬᠤᠪᠢ ᠲᠣᠭᠲᠠᠭᠰᠠᠨ ᠴᠡᠭ ᠤᠨ ᠬᠢᠷᠢ ᠬᠡᠮ ᠤᠨ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢ ᠤᠯᠪᠠ᠃ 2024 ᠣᠨ ᠤ 8 ᠳ᠋ᠤᠭᠠᠷ ᠰᠠᠷ᠎ᠠ ᠶᠢᠨ 12 ᠤ ᠡᠳᠦᠷ᠂ ᠢᠦᠶ ᠴᠢᠤᠸᠠᠨ ᠲᠣᠭᠤᠷᠢᠭ ᠤᠨ | ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠬᠠᠮᠢᠶ᠎ᠠ ᠪᠥᠬᠦᠶ ᠲᠤᠰᠬᠠᠶ | ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠪᠦᠯᠬᠦᠮ ᠳᠠᠭᠠᠭᠤᠯᠵᠤ ᠴᠠᠭ ᠲᠤᠬᠠᠶ ᠳᠤᠨᠢ ᠬᠠᠶᠢᠨ ᠰᠢᠯᠭᠠᠵᠤ | ᠦᠨᠡᠯᠡᠨ ᠵᠢᠱᠢᠵᠦ᠂ 2024 ᠣᠨ ᠤ 8 ᠳ᠋ᠤᠭᠠᠷ ᠰᠠᠷ᠎ᠠ ᠶᠢᠨ 12 ᠤ ᠡᠳᠦᠷ ᠢᠦᠶ ᠴᠢᠤᠸᠠᠨ ᠲᠣᠭᠤᠷᠢᠭ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠰᠠᠨ ᠴᠡᠭ ᠤᠨ ᠬᠢᠷᠢ | ᠬᠡᠮ ᠢ ᠭᠤᠶᠤᠴᠢᠯᠠᠨ ᠮᠡᠳᠡᠭᠦᠯᠵᠦ ᠦᠨᠡᠯᠡᠨ ᠵᠢᠱᠢᠬᠦ ᠠᠵᠢᠯ ᠤᠨ ᠳᠤᠭᠤᠶᠢᠯᠠᠩ ᠢᠶᠠᠷ ᠳᠡᠮᠵᠢᠨ ᠦᠨᠡᠯᠡᠨ ᠵᠢᠱᠢᠵᠦ | ᠬᠢᠨᠠᠨ ᠵᠥᠪᠯᠡᠵᠦ᠂ 17 ᠡᠮᠴᠢᠯᠡᠭᠡᠨ ᠤ ᠪᠠᠶᠢᠭᠤᠯᠤᠮᠵᠢ ᠮᠠᠨ ᠤ ᠬᠤᠲᠠ ᠶᠢᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠠᠵᠢᠯᠲᠠᠨ ᠤ ᠬᠤᠪᠢ ᠬᠥᠮᠦᠨ ᠤ ᠲᠠᠩᠰᠠᠨ ᠡᠷᠦᠬᠡ ᠶᠢᠨ ᠺᠠᠷᠲ ᠰᠢᠷᠪᠢᠬᠦ ᠪᠠᠷᠢᠮᠵᠢᠶ᠎ᠠ ᠳᠤ ᠨᠡᠶᠢᠴᠡᠪᠡ᠃ | ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ | 2024 ᠣᠨ ᠤ 8 ᠳ᠋ᠤᠭᠠᠷ ᠰᠠᠷ᠎ᠠ ᠶᠢᠨ 12 ᠤ ᠡᠳᠦᠷ — 2024 ᠣᠨ ᠤ 8 ᠳ᠋ᠤᠭᠠᠷ ᠰᠠᠷ᠎ᠠ ᠶᠢᠨ | 19 ᠤ ᠡᠳᠦᠷ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠠ ᠬᠤᠪᠢ ᠬᠥᠮᠦᠨ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠤᠲᠠᠰᠤ ᠠᠪᠬᠤ ᠵᠡᠷᠭᠡ ᠬᠡᠯᠪᠡᠷᠢ ᠪᠠᠷ | ᠵᠠᠷᠯᠠᠨ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠥᠬᠦᠶ ᠪᠠᠶᠢᠳᠠᠯ ᠤᠨ ᠠᠰᠠᠭᠤᠳᠠᠯ ᠢ ᠲᠤᠰᠬᠠᠵᠤ ᠪᠣᠯᠤᠨ᠎ᠠ᠃ | ᠠᠰᠠᠭᠤᠳᠠᠯ ᠢ ᠲᠤᠰᠬᠠᠬᠤ ᠳᠤ ᠪᠠᠶᠢᠴᠠᠭᠠᠭᠰᠠᠨ ᠭᠡᠷᠡᠴᠢ ᠵᠢᠴᠢ ᠪᠤᠰᠤᠳ ᠬᠤᠯᠪᠣᠭᠳᠠᠯ ᠪᠦᠬᠦᠢ ᠰᠦᠪᠡᠭᠴᠢ ᠶᠢ | ᠬᠠᠩᠭᠠᠬᠤ ᠬᠡᠷᠡᠭᠲᠡᠶ᠃ ᠪᠢᠳᠡ ᠠᠰᠠᠭᠤᠳᠠᠯ ᠢ ᠲᠤᠰᠬᠠᠭᠴᠢᠳ ᠤᠨ ᠨᠢᠭᠤᠴᠠ ᠶᠢ ᠴᠢᠩᠭ᠋᠎ᠠ ᠬᠠᠮᠠᠭᠠᠯᠠᠨ᠎ᠠ᠃ | ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 — 3986128 | ᠣᠨᠴᠠᠭᠠᠶᠢᠯᠠᠨ ᠵᠠᠷᠯᠠᠪᠠ | 2024 ᠤᠨ ᠤ 8 ᠳ᠋ᠤᠭᠠᠷ ᠰᠠᠷ᠎ᠠ ᠶᠢᠨ 12 ᠤ ᠡᠳᠦᠷ | | | | | | | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |