ᠨᠢᠭᠡ᠂ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠦᠢᠮᠣ ᠪᠠᠶᠢᠳᠠᠯ | ᠢᠦᠶ ᠴᠢᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠪᠣᠯ ᠢᠦᠶ ᠴᠢᠤᠸᠠᠨ ᠲᠣᠭᠤᠷᠢᠭ ᠤᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ 2019 ᠣᠨ ᠤ 2 ᠰᠠᠷ᠎ᠠ ᠶᠢᠨ 24 ᠤ ᠡᠳᠦᠷ | ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠭᠰᠠᠨ ᠵᠢᠩᠬᠢᠨᠢ ᠰᠠᠯᠠᠭᠠᠨ ᠤ ᠲᠠᠰ ᠤᠨ ᠰᠠᠯᠠᠭ᠎ᠠ ᠮᠥᠴᠢᠷ ᠪᠣᠯᠤᠨ᠎ᠠ᠂ | ᠲᠣᠰ ᠰᠠᠯᠠᠭ᠎ᠠ ᠮᠥᠴᠢᠷ ᠨᠢ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠤᠰᠤᠨ | ᠠᠰᠢᠭᠯᠠᠯᠲᠠ ᠶᠢᠨ ᠲᠣᠪᠴᠢᠶ᠎ᠠ ᠶᠢᠨ ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠤᠰᠢᠶᠠᠯ | ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠵᠦ᠂ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ | ᠪᠣᠯᠭᠠᠵᠤ᠂ ᠯᠢ ᠾᠧ ᠫᠢᠩ ᠨᠥᠬᠦᠷ ᠢᠶᠠᠷ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠶᠢᠨ ᠲᠤᠰᠢᠶᠠᠯ ᠢ | ᠡᠭᠦᠷᠭᠡᠯᠡᠭᠦᠯᠦᠨ᠎ᠡ᠃ ᠣᠳᠣᠬᠠᠨ ᠳᠤ᠂ ᠰᠠᠯᠠᠭ᠎ᠠ ᠮᠥᠴᠢᠷ ᠲᠤ 34 ᠠᠵᠢᠯᠲᠠᠨ ︵5 ᠵᠠᠰᠠᠭ ᠵᠠᠬᠢᠷᠭᠠᠨ ᠤ ᠠᠵᠢᠯᠲᠠᠨ᠂ | 10 ᠠᠵᠢᠯ ᠦᠢᠯᠡᠰ ᠤᠨ ᠠᠵᠢᠯᠲᠠᠨ᠂ 16 ᠭᠡᠷ᠎ᠡ ᠶᠢᠨ ᠠᠵᠢᠯᠲᠠᠨ᠂ 3 ᠴᠡᠷᠢᠭ ᠠᠴᠠ ᠬᠠᠯᠠᠭᠳᠠᠭᠰᠠᠳ ᠤᠨ | ᠲᠤᠰᠬᠠᠶ ᠠᠵᠢᠯ ᠤᠨ ᠪᠠᠶᠢᠷᠢ ᠶᠢᠨ ᠠᠵᠢᠯᠲᠠᠨ ᠪᠠᠭᠲᠠᠨ᠎ᠠ︶ ᠪᠣᠶ᠃ | | ᠬᠤᠶᠠᠷ᠂ ᠤᠰᠤᠨ ᠤ ᠶᠠᠪᠤᠳᠠᠯ ᠤᠨ ᠲᠣᠪᠴᠢᠶ᠎ᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ | ᠨᠢᠭᠡᠳᠦᠭᠡᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠨᠠᠮ ᠤᠨ ᠬᠤᠷᠢᠶ᠎ᠠ ᠶᠢᠨ | ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠥᠪᠰᠢᠶᠡᠷᠡᠭᠰᠡᠨ ︽ᠬᠥᠬᠡᠬᠤᠲᠠ ᠶᠢᠨ ᠢᠦᠶ | ᠴᠢᠤᠸᠠᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ︵ᠬᠥᠬᠡᠬᠤᠲᠠ ᠨᠠᠮ ᠠᠯᠪᠠᠨ | ᠲᠠᠷᠬᠠᠭᠠᠭᠰᠠᠨ ﹇2019﹈ 8 ᠳ᠋ᠤᠭᠠᠷ ᠲᠣᠭᠠᠲᠤ︶ ᠪᠣᠯᠤᠨ ︽ᠢᠦᠶ ᠴᠢᠤᠸᠠᠨ ᠲᠣᠭᠤᠷᠢᠭ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠤᠰᠤᠨ ᠤ ᠶᠠᠪᠤᠳᠠᠯ ᠤᠨ | ᠲᠣᠪᠴᠢᠶ᠎ᠠ ᠪᠣᠯ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ | ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠪᠣᠯᠤᠨ᠎ᠠ᠃ | ᠭᠤᠷᠪᠠᠳᠤᠭᠠᠷ ᠵᠦᠢᠯ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠤᠰᠤᠨ ᠤ ᠶᠠᠪᠤᠳᠠᠯ ᠤᠨ | ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ᠤᠰᠤᠨ ᠤ ᠶᠠᠪᠤᠳᠠᠯ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ | ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ | ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ᠂ | ᠨᠠᠮ ᠤᠨ ᠤᠰᠤᠨ ᠤ ᠶᠠᠪᠤᠳᠠᠯ ᠤᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠬᠤ ᠬᠡᠷᠡᠭᠲᠡᠶ᠃ ᠭᠤᠣᠯ ᠡᠭᠦᠷᠭᠡ ᠴᠢᠳᠠᠮᠵᠢ᠄ | ︵ᠨᠢᠭᠡ︶ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠥᠬᠦ | ᠲᠤᠭᠤᠷᠢᠭ ᠤᠨ ᠤᠰᠤᠨ ᠤ ᠶᠠᠪᠤᠳᠠᠯ ᠤᠨ ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠬᠠᠮᠤᠭ ᠤᠨ ᠴᠢᠩᠭ᠎ᠠ ᠲᠥᠷᠢᠮ ᠢ ᠲᠤᠭᠤᠷᠪᠢᠨ ᠲᠣᠭᠲᠠᠭᠠᠵᠤ᠂ ᠪᠥᠬᠦ ᠲᠤᠭᠤᠷᠢᠭ ᠤᠨ ᠤᠰᠤᠨ ᠤ ᠡᠬᠢ ᠪᠠᠶᠠᠯᠢᠭ ᠤᠨ | ᠲᠥᠯᠥᠪᠵᠢᠭᠦᠯᠭᠡ᠂ ᠭᠤᠣᠯ ᠮᠥᠷᠡᠨ ᠭᠤᠣᠯ ᠤᠨ ᠤᠷᠤᠨ ᠤ ᠲᠥᠯᠥᠪᠵᠢᠭᠦᠯᠭᠡ᠂ ᠬᠥᠳᠡᠭᠡ ᠲᠣᠰᠬᠤᠨ ᠤ ᠤᠰᠤ | ᠬᠠᠩᠭᠠᠬᠤ ᠵᠡᠷᠭᠡ ᠲᠤᠰᠬᠠᠶ ᠵᠦᠢᠯ ᠤᠨ ᠲᠥᠯᠥᠪᠵᠢᠭᠦᠯᠭᠡ ᠵᠡᠷᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ | ︵ᠬᠤᠶᠠᠷ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠠ ᠠᠮᠢ ᠠᠬᠤᠶ ᠶᠢᠨ ᠣᠷᠴᠢᠨ ᠲᠣᠭᠤᠷᠢᠨ ᠤ | ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠵᠤ᠂ ᠤᠰᠤᠨ ᠤ ᠡᠬᠢ ᠪᠠᠶᠠᠯᠢᠭ ᠤᠨ | ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ | ᠲᠤᠭᠤᠷᠢᠭ ᠤᠨ ᠤᠰᠤᠨ ᠤ ᠡᠬᠢ ᠪᠠᠶᠠᠯᠢᠭ ᠤᠨ ᠤᠷᠲᠤᠪᠲᠤᠷ ᠪᠠ ᠤᠷᠳᠤ ᠬᠤᠭᠤᠴᠠᠭᠠᠨ ᠤ ᠲᠥᠯᠥᠪᠵᠢᠭᠦᠯᠭᠡ | ᠪᠣᠯᠤᠨ ᠣᠨ ᠤ ᠤᠰᠤ ᠬᠠᠩᠭᠠᠬᠤ ᠲᠥᠯᠥᠪᠯᠡᠭᠡ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ | ᠬᠡᠷᠡᠭᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ | ︵ᠭᠤᠷᠪᠠ︶ ᠤᠰᠤᠨ ᠤ ᠶᠠᠪᠤᠳᠠᠯ ᠤᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠢ | ᠲᠥᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ | ᠲᠤᠭᠤᠷᠢᠭ ᠤᠨ ᠡᠯ᠎ᠡ ᠵᠦᠢᠯ ᠤᠨ ᠤᠰᠤᠨ ᠤ ᠶᠠᠪᠤᠳᠠᠯ ᠤᠨ ᠦᠨᠳᠦᠰᠦᠨ ᠪᠥᠳᠥᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠲᠤᠬᠢᠷᠠᠭᠤᠯᠤᠯᠳᠠ ᠶᠢᠨ ᠰᠠᠨᠠᠭᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ | ᠬᠠᠷᠢᠭᠤᠴᠠᠨ᠎ᠠ᠃ | ︵ᠳᠥᠷᠪᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ ᠤᠰᠤᠨ ᠤ ᠡᠬᠢ | ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ | ᠬᠡᠷᠡᠭᠵᠢᠭᠦᠯᠵᠦ᠂ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ᠂ ᠭᠠᠵᠠᠷ ᠳᠣᠤᠷᠠᠬᠢ ᠤᠰᠤᠨ ᠤ ᠡᠬᠢ | ᠪᠠᠶᠠᠯᠢᠭ ᠢ ᠬᠠᠮᠢᠶᠠᠷᠤᠨ ᠬᠠᠮᠠᠭᠠᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤᠨ ᠤ ᠡᠬᠢ ᠪᠠᠶᠠᠯᠢᠭ ᠢ | ᠪᠠᠶᠢᠴᠠᠭᠠᠨ ᠦᠨᠡᠯᠡᠬᠦ ᠬᠠᠮᠢᠶ᠎ᠠ ᠪᠥᠬᠦᠶ ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠲᠠᠪᠤ︶ ᠤᠰᠤ ᠠᠷᠪᠢᠯᠠᠵᠤ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠰᠤ ᠶᠢ ᠠᠷᠪᠢᠯᠠᠵᠤ ᠬᠡᠷᠡᠭᠯᠡᠬᠦ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠰᠤ ᠶᠢ ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠥᠬᠦᠶ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃ | ︵ᠵᠢᠷᠭᠤᠭ᠎ᠠ︶ ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠰᠤᠨ ᠣᠷᠣᠨ ᠬᠢᠭᠡᠳ ᠡᠷᠭᠢ ᠶᠢᠨ ᠱᠤᠭᠤᠮ | ᠤᠨ ᠬᠠᠮᠢᠶᠠᠷᠤᠯᠲᠠ᠂ ᠬᠠᠮᠠᠭᠠᠯᠠᠯᠲᠠ ᠬᠢᠭᠡᠳ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠴᠤ᠂ ᠤᠰᠤᠨ | ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶ᠎ᠡ ᠶᠢᠨ ᠪᠥᠳᠥᠭᠡᠨ ᠪᠠᠶᠢᠭᠤᠯᠤᠯᠲᠠ ᠶᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠪᠠ ᠬᠠᠮᠠᠭᠠᠯᠠᠬᠤ ᠶᠢ ᠵᠢᠯᠣᠭᠤᠳᠤᠨ᠎ᠠ᠃ | ᠭᠤᠣᠯ ᠨᠠᠭᠤᠷ ᠤᠨ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ ᠭᠤᠣᠯ ᠨᠠᠭᠤᠷ ᠤᠨ ᠠᠮᠢ | ᠠᠬᠤᠶ ᠶᠢᠨ ᠤᠷᠤᠰᠬᠠᠯ ᠤᠨ ᠬᠡᠮᠵᠢᠶ᠎ᠡ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠣᠯ ᠨᠠᠭᠤᠷ ᠤᠨ | ᠤᠰᠤᠨ ᠤ ᠰᠢᠰᠲ᠋ᠧᠮ ᠢ ᠬᠤᠯᠪᠣᠯᠳᠤᠭᠤᠯᠬᠤ ᠠᠵᠢᠯ ᠢ ᠵᠢᠯᠣᠭᠤᠳᠤᠨ᠎ᠠ᠃ | ︵ᠲᠤᠯᠤᠭ᠎ᠠ︶ ᠤᠰᠤᠨ ᠤ ᠶᠠᠪᠤᠳᠠᠯ ᠤᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠬᠢᠭᠡᠳ | ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠴᠤ ᠬᠢᠨᠠᠯᠲᠠ ᠲᠠᠯᠪᠢᠨ᠎ᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠪᠦᠳᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ | ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠤᠨ᠎ᠠ᠃ | ᠤᠰᠤᠨ ᠤ ᠶᠠᠪᠤᠳᠠᠯ ᠤᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯ ᠥᠭᠡᠢ ᠶᠢᠨ | ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠨᠠᠢᠮᠠ︶ ᠲᠣᠰ ᠲᠤᠭᠤᠷᠢᠭ ᠤᠨ ᠢᠶᠠᠨ ᠬᠥᠷᠥᠰᠥ ᠰᠢᠷᠣᠶ ᠶᠢ ᠬᠠᠮᠠᠭᠠᠯᠠᠬᠤ ᠶᠢ ᠬᠠᠷᠢᠭᠤᠴᠠᠨ᠎ᠠ᠃ ᠬᠥᠷᠥᠰᠥ | ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ | ᠬᠡᠷᠡᠭᠵᠢᠭᠦᠯᠦᠨ᠎ᠡ᠃ | ︵ᠶᠢᠰᠦ︶ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠳᠤᠮᠳᠠ ᠵᠢᠵᠢᠭ | ᠬᠡᠯᠪᠡᠷᠢ ᠶᠢᠨ ᠤᠰᠤᠯᠠᠬᠤ ᠤᠰᠤ ᠵᠠᠯᠠᠬᠤ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ | ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠴᠤ᠂ ᠬᠥᠳᠡᠭᠡ ᠲᠣᠰᠬᠤᠨ ᠤ ᠤᠰᠤᠨ ᠤ ᠡᠨᠧᠷᠭᠢ ᠶᠢᠨ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ | ᠠᠰᠢᠭᠯᠠᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ | ᠳᠥᠷᠪᠡᠳᠦᠭᠡᠷ ᠵᠦᠢᠯ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠤᠰᠤᠨ ᠤ ᠶᠠᠪᠤᠳᠠᠯ ᠤᠨ | ᠲᠣᠪᠴᠢᠶ᠎ᠠ ᠳᠤ ᠳᠣᠤᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄ | ᠶᠡᠷᠦᠩᠬᠡᠶᠢᠯᠡᠭᠰᠡᠨ ᠠᠯᠪᠠᠨ ᠬᠡᠷ᠄ ᠪᠠᠶᠢᠭᠤᠯᠭ᠎ᠠ ᠶᠢᠨ ᠡᠳᠦᠷ ᠲᠤᠳᠤᠮ ᠤᠨ ᠠᠵᠢᠯᠯᠠᠭᠠᠨ ᠤ ᠠᠵᠢᠯ᠂ ᠤᠰᠤᠨ | ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ᠂ ᠠᠮᠢᠳᠤᠷᠠᠯ ᠦᠢᠯᠡᠳᠪᠦᠷᠢᠯᠡᠯ ᠡᠵᠡᠩᠨᠡᠯᠲᠡ ᠪᠣᠯᠤᠨ ᠠᠮᠢ | ᠠᠬᠤᠶ ᠶᠢᠨ ᠣᠷᠴᠢᠨ ᠲᠣᠭᠤᠷᠢᠨ ᠤ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ᠂ ᠤᠰᠤᠨ ᠤ | ᠡᠬᠢ ᠪᠠᠶᠠᠯᠢᠭ ᠢ ᠬᠠᠮᠠᠭᠠᠯᠠᠬᠤ᠂ ᠤᠰᠤ ᠶᠢ ᠠᠷᠪᠢᠯᠠᠨ ᠬᠡᠷᠡᠭᠯᠡᠬᠦ ᠶᠢ ᠬᠠᠷᠢᠭᠤᠴᠠᠵᠤ᠂ ᠤᠰᠤᠨ ᠤ ᠶᠠᠪᠤᠳᠠᠯ ᠤᠨ | ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠢ ᠲᠥᠷᠢᠮ ᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠶᠠᠪᠤᠳᠠᠯ ᠤᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ | ᠬᠢᠭᠡᠳ ᠠᠵᠢᠯᠯᠠᠭᠠᠨ ᠤ ᠬᠠᠮᠢᠶᠠᠷᠤᠯᠲᠠ ᠳᠤ ᠬᠢᠨᠠᠯᠲᠠ ᠲᠠᠯᠪᠢᠵᠤ᠂ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ | ᠠᠵᠢᠯ᠂ ᠬᠥᠷᠥᠰᠥ ᠰᠢᠷᠣᠶ ᠶᠢ ᠬᠠᠮᠠᠭᠠᠯᠠᠬᠤ ᠵᠡᠷᠭᠡ ᠬᠠᠮᠢᠶᠠᠷᠤᠯᠲᠠ ᠶᠢᠨ ᠵᠦᠢᠯᠡᠰ ᠢ ᠵᠢᠯᠣᠭᠤᠳᠤᠨ᠎ᠠ᠃ | ᠲᠠᠪᠤᠳᠤᠭᠠᠷ ᠵᠦᠢᠯ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠤᠰᠤᠨ ᠤ ᠶᠠᠪᠤᠳᠠᠯ ᠤᠨ | ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 5 ᠬᠥᠮᠦᠨ᠃ ᠲᠣᠪᠴᠢᠶᠠᠨ ᠳᠠᠷᠤᠭ᠎ᠠ ᠨᠢᠭᠡ ᠬᠥᠮᠦᠨ ᠢ | ᠲᠣᠬᠢᠷᠠᠭᠤᠯᠤᠨ᠎ᠠ᠃ | ᠵᠢᠷᠭᠤᠳᠤᠭᠠᠷ ᠵᠦᠢᠯ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠤᠰᠤᠨ ᠤ ᠶᠠᠪᠤᠳᠠᠯ ᠤᠨ | ᠲᠣᠪᠴᠢᠶ᠎ᠠ ᠶᠢᠨ ᠬᠠᠷᠢᠶ᠎ᠠ ᠪᠥᠬᠦᠶ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ | ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃ | ᠳᠣᠯᠣᠳᠤᠭᠠᠷ ᠵᠦᠢᠯ ᠲᠣᠰ ᠲᠣᠭᠲᠠᠭᠠᠯ ᠢ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ | ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠣᠬᠢᠷᠠᠭᠤᠯᠤᠯᠲᠠ ᠬᠢᠬᠦ ᠶᠢ | ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ ᠠᠴᠠ | ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠭᠡᠨ᠎ᠡ᠃ | ᠨᠠᠢᠮᠠᠳᠤᠭᠠᠷ ᠵᠦᠢᠯ ᠲᠣᠰ ᠲᠣᠭᠲᠠᠭᠠᠯ ᠢ 2019 ᠣᠨ ᠤ 4 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | | ᠭᠤᠷᠪᠠ᠂ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠣᠲᠣᠭᠠᠳᠤ ᠪᠠᠶᠢᠭᠤᠯᠤᠮᠵᠢ | ︵ᠨᠢᠭᠡ︶ ᠠᠯᠪᠠᠨ ᠭᠡᠷ | 1. ᠲᠣᠪᠴᠢᠶ᠎ᠠ ᠶᠢᠨ ᠤᠳᠤᠷᠢᠳᠤᠯᠭ᠎ᠠ ᠶᠢ ᠬᠠᠮᠵᠢᠨ ᠡᠳᠦᠷ ᠲᠤᠲᠤᠮ ᠤᠨ ᠵᠠᠰᠠᠭ ᠤᠨ ᠶᠠᠪᠤᠳᠠᠯ ᠤᠨ ᠠᠵᠢᠯ ᠢ | ᠰᠢᠢᠳᠪᠦᠷᠢᠯᠡᠵᠦ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠤᠨ ᠠᠵᠢᠯ ᠢ ᠶᠡᠷᠦᠩᠬᠡᠶᠢᠯᠡᠨ | ᠵᠣᠬᠢᠴᠠᠭᠤᠯᠵᠤ᠂ ᠪᠠᠶᠢᠴᠠᠭᠠᠵᠤ ᠰᠢᠮᠳᠠᠭᠤᠯᠤᠨ ᠭᠦᠢᠴᠡᠳᠭᠡᠬᠦ ᠶᠢ ᠬᠠᠷᠢᠭᠤᠴᠠᠨ᠎ᠠ᠃ | 2.ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠳᠤᠮ ᠤᠨ ᠠᠵᠢᠯ ᠤᠨ ᠠᠵᠢᠯᠯᠠᠭ᠎ᠠ ᠶᠢ ᠬᠠᠷᠢᠭᠤᠴᠠᠵᠤ᠂ | ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠵᠦᠢᠯ᠂ ᠲᠠᠩᠰᠠ ᠡᠪᠬᠡᠮᠡᠯ ᠵᠡᠷᠭᠡ | ᠠᠵᠢᠯ ᠢ ᠡᠭᠦᠷᠭᠡᠯᠡᠨ᠎ᠡ᠃ | 3. ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠣᠯᠠᠨ ᠲᠦᠮᠡᠨ ᠤ ᠪᠦᠯᠬᠦᠮ ᠵᠡᠷᠭᠡ | ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠵᠠᠬᠢᠳᠠᠯ ᠰᠤᠷᠪᠤᠯᠵᠢᠯᠠᠭ᠎ᠠ᠂ ᠵᠠᠭᠠᠯᠳᠤᠯᠭ᠎ᠠ ᠶᠢ ᠭᠥᠯᠢᠶᠡᠨ ᠠᠪᠤᠭᠰᠠᠨ | ᠳᠠᠷᠤᠢ ᠰᠢᠢᠳᠪᠦᠷᠢᠯᠡᠬᠦ ᠵᠡᠷᠭᠡ ᠬᠡᠷᠡᠭ ᠢ ᠰᠢᠢᠳᠪᠦᠷᠢᠯᠡᠬᠦ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠵᠡᠷᠭᠡ ᠠᠵᠢᠯ ᠢ ᠡᠭᠦᠷᠭᠡᠯᠡᠵᠦ᠂ ᠲᠣᠪᠴᠢᠶ᠎ᠠ ᠪᠠᠶᠢᠭᠤᠯᠭ᠎ᠠ ᠶᠢᠨ ᠴᠢᠬᠤᠯᠠ ᠵᠦᠢᠯᠡᠰ ᠢ ᠵᠣᠬᠢᠶᠠᠨ ᠪᠠᠶᠢᠭᠤᠯᠬᠤ | ᠪᠠ ᠰᠢᠮᠳᠠᠭᠤᠯᠤᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ | 4.ᠪᠠᠶᠢᠭᠤᠯᠭ᠎ᠠ ᠬᠢᠭᠡᠳ ᠬᠠᠷᠢᠶ᠎ᠠ ᠨᠢᠭᠡᠴᠢ ᠶᠢᠨ ᠢᠶᠠᠨ ᠺᠠᠳ᠋ᠷ ᠠᠵᠢᠯᠳᠡᠠ ᠤ ᠶᠠᠪᠤᠳᠠᠯ᠂ ᠠᠵᠢᠯ ᠠᠴᠠ ᠪᠠᠨ | ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ᠂ ᠪᠠᠶᠢᠭᠤᠯᠤᠮᠵᠢ ᠶᠢᠨ ᠣᠷᠣᠨ ᠲᠤᠭ᠎ᠠ᠂ | ᠬᠥᠳᠡᠯᠮᠦᠷᠢ ᠶᠢᠨ ᠴᠠᠯᠢᠩ ᠵᠡᠷᠭᠡ ᠠᠵᠢᠯ ᠢ ᠬᠠᠷᠢᠭᠤᠴᠠᠨ᠎ᠠ᠃ ᠤᠰᠤᠨ ᠤ ᠶᠠᠪᠤᠳᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠤᠰᠤᠨ ᠤ ᠶᠠᠪᠤᠳᠠᠯ ᠤᠨ ᠰᠢᠰᠲ᠋ᠧᠮ ᠤᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ | ᠪᠠᠭᠤᠵᠤ ᠠᠮᠠᠷᠠᠭᠰᠠᠨ ᠬᠥᠮᠦᠰ ᠤᠨ ᠠᠵᠢᠯ ᠢ ᠵᠢᠯᠣᠭᠤᠳᠤᠨ᠎ᠠ᠃ ᠪᠥᠬᠦ ᠲᠤᠭᠤᠷᠢᠭ ᠤᠨ ᠤᠰᠤᠨ ᠤ ᠶᠠᠪᠤᠳᠠᠯ ᠤᠨ | ᠠᠵᠢᠯ ᠲᠥᠷᠥᠯ ᠤᠨ ᠬᠠᠥᠯᠢᠵᠢᠯ ᠤᠨ ᠲᠥᠷᠥ ᠶᠢᠨ ᠪᠣᠳᠣᠯᠭ᠎ᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ | ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ | ᠪᠠ ᠬᠤᠯᠪᠣᠭᠳᠠᠯ ᠪᠥᠬᠦᠶ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ | 5. ᠤᠰᠤᠨ ᠤ ᠶᠠᠪᠤᠳᠠᠯ ᠤᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠵᠢᠴᠢ ᠡᠷᠡᠭᠦᠯ ᠡᠩᠬᠡ | ᠬᠥᠬᠡᠬᠤᠲᠠ ᠵᠡᠷᠭᠡ ᠠᠵᠢᠯ ᠢ ᠬᠠᠷᠢᠭᠤᠴᠠᠨ᠎ᠠ᠃ | ︵ᠬᠤᠶᠠᠷ︶ ᠡᠳ᠋ ᠤᠨ ᠶᠠᠪᠤᠳᠠᠯ ᠤᠨ ᠰᠠᠯᠠᠭ᠎ᠠ | 1.ᠰᠠᠯᠠᠭ᠎ᠠ ᠮᠥᠴᠢᠷ ᠤᠨ ᠲᠥᠰᠦᠪ ᠬᠢᠭᠡᠳ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠰᠦᠪ ᠢ | ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ ᠪᠠ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ | 2.ᠪᠠᠶᠢᠭᠤᠯᠭ᠎ᠠ ᠶᠢ ᠬᠠᠷᠢᠭᠤᠴᠠᠬᠤ ᠶᠢᠨ ᠬᠠᠮᠲᠤ ᠬᠠᠷᠢᠶ᠎ᠠ ᠨᠢᠭᠡᠴᠢ ᠶᠢᠨ ᠢᠶᠠᠨ ᠡᠳ᠋ ᠤᠨ ᠶᠠᠪᠤᠳᠠᠯ ᠤᠨ ᠠᠵᠢᠯ ᠢ | ᠵᠢᠯᠣᠭᠤᠳᠤᠨ ᠬᠢᠨᠠᠯᠲᠠ ᠲᠠᠯᠪᠢᠵᠤ᠂ ᠨᠠᠶᠢᠷᠠᠭᠤᠯᠤᠨ ᠵᠣᠬᠢᠶᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠬᠤ ᠶᠢᠨ ᠬᠠᠮᠲᠤ | ᠬᠠᠷᠢᠶ᠎ᠠ ᠨᠢᠭᠡᠴᠢ ᠶᠢᠨ ᠢᠶᠠᠨ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠤᠨ ᠠᠵᠢᠯ ᠢ | ᠵᠢᠯᠣᠭᠤᠳᠤᠨ ᠬᠢᠨᠠᠯᠲᠠ ᠲᠠᠯᠪᠢᠨ᠎ᠠ᠃ | 3. ᠪᠦᠬᠦ ᠲᠤᠭᠤᠷᠢᠭ ᠤᠨ ᠤᠰᠤᠨ ᠤ ᠶᠠᠪᠤᠳᠠᠯ ᠤᠨ ᠦᠢᠯᠡᠰ ᠯᠦᠭᠡ ᠬᠤᠯᠪᠣᠭᠳᠠᠬᠤ ᠡᠯ᠎ᠡ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠵᠣᠯᠭᠠᠯᠳᠤᠭᠤᠯᠬᠤ᠂ ᠵᠣᠬᠢᠴᠠᠭᠤᠯᠬᠤ᠂ ᠨᠠᠶᠢᠳᠠᠪᠤᠷᠢᠵᠢᠭᠤᠯᠬᠤ | ᠠᠵᠢᠯ ᠢ ᠵᠣᠬᠢᠶᠠᠨ ᠪᠠᠶᠢᠭᠤᠯᠤᠨ᠎ᠠ᠃ ᠪᠦᠬᠦ ᠲᠤᠭᠤᠷᠢᠭ ᠤᠨ ᠤᠰᠤᠨ ᠤ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠠᠵᠢᠯ ᠳᠤ ᠣᠷᠣᠯᠴᠠᠨ᠎ᠠ᠃ ᠪᠠᠶᠢᠭᠤᠯᠭ᠎ᠠ ᠵᠢᠴᠢ ᠬᠠᠷᠢᠶ᠎ᠠ | ᠨᠢᠭᠡᠴᠢ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠲᠤᠭ᠎ᠠ ᠪᠦᠷᠢᠳᠬᠡᠯ᠂ ᠮᠡᠳᠡᠭᠡ ᠵᠠᠩᠭᠢ ᠶᠢᠨ ᠠᠵᠢᠯ ᠢ | ᠡᠭᠦᠷᠭᠡᠯᠡᠨ᠎ᠡ᠃ | 4. ᠲᠣᠰ ᠰᠠᠯᠠᠭ᠎ᠠ ᠮᠥᠴᠢᠷ ᠤᠨ ᠢᠶᠠᠨ ᠲᠥᠰᠦᠪ ᠤᠨ ᠪᠠᠯᠠ ᠮᠥᠩᠭᠦ᠂ ᠡᠳ᠋ ᠤᠨ ᠵᠠᠰᠠᠭ ᠤᠨ ᠤᠰᠤᠨ | ᠠᠰᠢᠭᠯᠠᠯᠲᠠ ᠶᠢᠨ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 5. ᠬᠢᠨᠠᠨ ᠪᠤᠳᠤᠯᠲᠠ ᠶᠢᠨ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ | ᠬᠠᠮᠵᠢᠯᠴᠠᠬᠤ ᠶᠢ ᠬᠠᠷᠢᠭᠤᠴᠠᠵᠤ᠂ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠰᠢᠮᠳᠠᠭᠤᠯᠤᠨ᠎ᠠ᠃ | 6.ᠡᠳ᠋ ᠤᠨ ᠶᠠᠪᠤᠳᠠᠯ ᠤᠨ ᠮᠠᠲ᠋ᠧᠷᠢᠶᠠᠯ᠂ ᠳᠠᠩᠰᠠ ᠬᠠᠷ᠎ᠠ᠂ ᠲᠠᠮᠠᠭ᠎ᠠ ᠳᠡᠮᠳᠡᠭ ᠢ ᠴᠤᠭᠯᠠᠭᠤᠯᠬᠤ᠂ ᠡᠮᠬᠢᠳᠬᠡᠬᠦ᠂ | ᠬᠠᠳᠠᠭᠠᠯᠠᠬᠤ ᠠᠵᠢᠯ ᠢ ᠬᠠᠷᠢᠭᠤᠴᠠᠨ᠎ᠠ᠃ | ︵ᠭᠤᠷᠪᠠ︶ ᠲᠥᠯᠥᠪᠵᠢᠭᠦᠯᠭᠡ ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠰᠠᠯᠠᠭ᠎ᠠ | 1. ᠤᠰᠤᠨ ᠠᠰᠢᠭᠯᠠᠯᠲᠠ ᠶᠢᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ᠂ ᠲᠤᠰᠬᠠᠶ ᠠᠵᠢᠯ ᠤᠨ | ᠲᠥᠯᠥᠪᠵᠢᠭᠦᠯᠭᠡ ᠪᠣᠯᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠨ᠎ᠠ᠃ | 2. ᠣᠨ ᠤ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠲᠠᠭᠠᠯ ᠳᠤ ᠨᠡᠶᠢᠴᠡᠬᠦ ᠴᠢᠨᠠᠷᠲᠠᠶ ᠬᠢᠨᠠᠨ ᠪᠠᠶᠢᠴᠠᠭᠠᠬᠤ | ᠠᠵᠢᠯ ᠢ ᠵᠢᠯᠣᠭᠤᠳᠴᠤ᠂ ᠪᠥᠬᠦ ᠲᠤᠭᠤᠷᠢᠭ ᠤᠨ ᠤᠰᠤᠨ ᠠᠰᠢᠭᠯᠠᠯᠲᠠ ᠶᠢᠨ ᠦᠨᠳᠦᠰᠦᠨ ᠪᠥᠲᠥᠭᠡᠨ | ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠪᠠ ᠤᠰᠤᠨ ᠤ ᠶᠠᠪᠤᠳᠠᠯ ᠤᠨ ᠡᠳ᠋ ᠤᠨ ᠵᠠᠰᠠᠭ ᠤᠨ | ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠢᠨᠠᠨ ᠬᠠᠮᠢᠶᠠᠷᠬᠤ ᠪᠠ ᠠᠵᠢᠯ ᠤᠨ ᠠᠮᠵᠢᠯᠲᠠ | ᠪᠦᠲᠦᠮᠵᠢ ᠶᠢ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ | 3. ᠪᠦᠬᠦ ᠲᠤᠭᠤᠷᠢᠭ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠲᠣᠮᠣ ᠳᠤᠮᠳᠠ ᠬᠡᠯᠪᠡᠷᠢ ᠶᠢᠨ ᠤᠰᠤᠯᠠᠵᠤ | ᠭᠠᠳᠠᠭᠰᠢᠯᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠢ | ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠲᠥᠷᠪᠡ︶ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ | 1. ᠪᠥᠬᠦ ᠲᠤᠭᠤᠷᠢᠭ ᠤᠨ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠬᠦ ᠬᠠᠮᠢᠶ᠎ᠠ ᠪᠥᠬᠦᠶ | ᠠᠵᠢᠯ ᠢ ᠡᠭᠦᠷᠭᠡᠯᠡᠵᠦ᠂ ᠤᠰᠤ ᠲᠠᠲᠠᠬᠤ ᠶᠢ ᠵᠥᠪᠰᠢᠶᠡᠷᠡᠬᠦ᠂ ᠤᠰᠤᠨ ᠤ ᠡᠬᠢ ᠪᠠᠶᠠᠯᠢᠭ ᠢ ᠨᠤᠲᠠᠯᠠᠬᠤ ᠵᠡᠷᠭᠡ | ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠠᠵᠢᠯ ᠢ | ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | 2. ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠵᠤ᠂ ᠤᠤᠭᠤᠬᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ | ᠤᠰᠤᠨ ᠤ ᠡᠬᠢ ᠪᠠᠶᠠᠯᠢᠭ ᠢ ᠪᠠᠶᠢᠴᠠᠭᠠᠨ ᠦᠨᠡᠯᠡᠬᠦ ᠬᠤᠯᠪᠣᠭᠳᠠᠯ ᠪᠦᠬᠦᠢ ᠠᠵᠢᠯ ᠢ ᠥᠷᠨᠢᠭᠦᠯᠬᠦ ᠳᠤ ᠣᠷᠣᠯᠴᠠᠨ᠎ᠠ᠃ | ᠬᠥᠳᠡᠭᠡ ᠲᠣᠰᠬᠤᠨ ᠤ ᠤᠰᠤ ᠬᠠᠩᠭᠠᠬᠤ ᠤᠰᠤᠨ ᠰᠤᠷᠪᠤᠯᠵᠢ᠂ ᠬᠥᠳᠡᠭᠡ ᠲᠣᠰᠬᠤᠨ ᠤ ᠲᠥᠯᠥᠪᠯᠡᠭᠡ ᠲᠠᠢ ᠤᠰᠤ | ᠬᠡᠷᠡᠭᠯᠡᠬᠦ᠂ ᠤᠰᠤ ᠶᠢ ᠠᠷᠪᠢᠯᠠᠨ ᠬᠡᠷᠡᠭᠯᠡᠬᠦ᠂ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ | ᠲᠥᠯᠥᠪᠵᠢᠭᠦᠯᠭᠡ ᠶᠢ ᠬᠠᠷᠢᠭᠤᠴᠠᠨ᠎ᠠ᠃ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ | ᠭᠠᠵᠠᠷ ᠳᠣᠤᠷᠠᠬᠢ ᠤᠰᠤᠨ ᠤ ᠬᠢᠨᠠᠨ ᠬᠡᠮᠵᠢᠯᠲᠡ ᠶᠢ ᠨᠢᠭᠡᠳᠦᠯᠲᠡᠶ ᠲᠥᠯᠥᠪᠯᠡᠨ ᠥᠷᠨᠢᠭᠦᠯᠦᠨ᠎ᠡ᠃ | 3. ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠥᠳᠡᠭᠡ ᠲᠣᠰᠬᠤᠨ ᠤ ᠤᠰᠤ ᠬᠠᠩᠭᠠᠬᠤ ᠶᠢ ᠪᠠᠲᠤᠯᠠᠬᠤ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠥᠳᠡᠭᠡ ᠲᠣᠰᠬᠤᠨ ᠤ ᠤᠰᠤᠨ ᠤ ᠡᠨᠧᠷᠭᠢ ᠶᠢᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠤᠰᠤᠨ ᠴᠠᠬᠢᠯᠭᠠᠨ ᠢᠶᠠᠷ | ᠬᠥᠳᠡᠭᠡ ᠲᠣᠰᠬᠤᠨ ᠤ ᠤᠰᠤᠨ ᠤ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠵᠢᠯᠣᠭᠤᠳᠤᠨ᠎ᠠ᠃ | 4. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠭᠡ ᠲᠣᠰᠬᠤᠨ ᠤ ᠤᠰᠤ ᠬᠠᠩᠭᠠᠬᠤ ᠶᠢ | ᠪᠠᠲᠤᠯᠠᠬᠤ ᠠᠵᠢᠯ ᠳᠤ ᠬᠠᠮᠵᠢᠯᠴᠠᠨ᠎ᠠ᠃ | ︵ᠲᠠᠪᠤ︶ ᠬᠥᠷᠥᠰᠥ ᠰᠢᠷᠣᠶ ᠶᠢ ᠬᠠᠮᠠᠭᠠᠯᠠᠬᠤ ᠰᠠᠯᠠᠭ᠎ᠠ | 1. ︽ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠤᠨ ᠲᠤᠭᠤᠰᠢᠯᠠᠭᠤᠯᠤᠨ᠎ᠠ᠃ | 2. ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ︽ | ᠭᠤᠷᠪᠠ ᠶᠢ ᠬᠠᠮᠲᠤ ᠳᠤᠨᠢ ᠬᠢᠬᠦ︾ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠢ ᠥᠷᠨᠢᠭᠦᠯᠦᠨ᠎ᠡ᠃ ᠪᠦᠬᠦ ᠲᠤᠭᠤᠷᠢᠭ ᠤᠨ ᠬᠡᠪᠴᠢᠶᠡᠨ ᠳᠤ ᠦᠢᠯᠡᠳᠪᠦᠷᠢᠯᠡᠵᠦ ᠪᠦᠲᠦᠭᠡᠨ | ᠪᠠᠶᠢᠭᠤᠯᠬᠤ ᠨᠢᠭᠡᠴᠢ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠠᠬᠢ ᠬᠥᠷᠥᠰᠥ ᠰᠢᠷᠣᠶ ᠶᠢ ᠬᠠᠮᠠᠭᠠᠯᠠᠬᠤ | ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠦᠷᠳᠡᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠵᠣᠬᠢᠴᠠᠭᠤᠯᠵᠤ ᠬᠥᠷᠥᠰᠥ ᠰᠢᠷᠣᠢ ᠶᠢ ᠬᠠᠮᠠᠭᠠᠯᠠᠬᠤ | ᠲᠥᠰᠥᠯ ᠢ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠨ᠎ᠡ︔ ᠪᠦᠲᠦᠭᠡᠨ ᠪᠠᠶᠢᠭᠤᠯᠬᠤ ᠨᠢᠭᠡᠴᠢ ᠶᠢ ᠰᠢᠮᠳᠠᠭᠤᠯᠵᠤ | ᠪᠠᠶᠢᠭᠠᠳ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠦᠷᠢ ᠶᠢᠨ ᠰᠦᠢᠳᠬᠡᠯ ᠲᠤᠰᠢᠶᠠᠯᠭᠠᠨ᠎ᠠ᠃ | 3. ᠬᠠᠷᠢᠶ᠎ᠠ ᠣᠷᠣᠨ ᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ | ᠰᠢᠷᠣᠶ ᠶᠢ ᠬᠠᠮᠠᠭᠠᠯᠠᠬᠤ ᠢᠨᠵᠧᠨᠧᠷᠢᠩ ᠤᠨ ᠮᠡᠳᠡᠭᠡ ᠵᠠᠩᠭᠢ ᠶᠢᠨ ᠪᠠᠶᠢᠴᠠᠭᠠᠯᠲᠠ᠂ ᠲᠤᠭ᠎ᠠ ᠪᠦᠷᠢᠳᠬᠡᠯ᠂ ᠳᠡᠭᠡᠭᠰᠢ | ᠮᠡᠳᠡᠭᠦᠯᠬᠦ ᠵᠡᠷᠭᠡ ᠠᠵᠢᠯ ᠢ ᠬᠠᠷᠢᠭᠤᠴᠠᠨ᠎ᠠ᠃ | 4. ᠪᠥᠬᠦ ᠲᠤᠭᠤᠷᠢᠭ ᠤᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ | ᠬᠠᠷᠢᠭᠤᠴᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠬᠥᠷᠥᠰᠥ ᠰᠢᠷᠣᠶ ᠶᠢ | ᠬᠠᠮᠠᠭᠠᠯᠠᠬᠤ ᠠᠵᠢᠯ ᠢ ᠰᠠᠶᠢᠲᠤᠷ ᠬᠢᠨ᠎ᠡ︔ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ︵ᠵᠢᠷᠭᠤᠭ᠎ᠠ︶ ᠭᠤᠤᠯ ᠮᠦᠷᠡᠨ ᠨᠠᠭᠤᠷ ᠴᠦᠬᠦᠷᠦᠮ ᠤᠨ ᠬᠠᠮᠢᠶᠠᠷᠤᠯᠳᠠ ᠶᠢᠨ ᠰᠠᠯᠠᠭ᠎ᠠ | 1. ᠲᠣᠭᠤᠷᠢᠭ ᠤᠨ ᠭᠤᠣᠯ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠡᠳᠦᠷ ᠲᠤᠲᠤᠮ ᠤᠨ | ᠠᠵᠢᠯ ᠢ ᠡᠭᠦᠷᠭᠡᠯᠡᠨ᠎ᠡ᠃ | 2. ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠵᠣᠬᠢᠴᠠᠭᠤᠯᠬᠤ᠂ | ᠲᠣᠬᠢᠷᠠᠭᠤᠯᠬᠤ᠂ ᠬᠢᠨᠠᠨ ᠵᠢᠯᠣᠭᠤᠳᠬᠤ ᠪᠠ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠤᠰᠤᠨ ᠣᠷᠣᠨ ᠵᠢᠴᠢ | ᠲᠡᠭᠦᠨ ᠤ ᠡᠷᠭᠢ ᠶᠢᠨ ᠱᠤᠭᠤᠮ ᠢ ᠬᠠᠮᠢᠶᠠᠷᠬᠤ ᠪᠠ ᠬᠠᠮᠠᠭᠠᠯᠠᠬᠤ ᠠᠵᠢᠯ ᠢ ᠵᠢᠯᠣᠭᠤᠳᠴᠤ᠂ ᠭᠤᠣᠯ ᠮᠥᠷᠡᠨ ᠨᠠᠭᠤᠷ | ᠴᠥᠭᠦᠷᠥᠮ᠂ ᠭᠤᠣᠯ ᠤᠨ ᠡᠷᠭᠢ ᠶᠢᠨ ᠭᠤᠣᠯ ᠤᠨ ᠰᠠᠶᠢᠷᠭᠠᠯ ᠤᠨ ᠨᠡᠭᠡᠭᠡᠨ ᠬᠥᠭᠵᠢᠭᠦᠯᠬᠦ᠂ ᠵᠠᠰᠠᠬᠤ ᠪᠠ ᠬᠠᠮᠠᠭᠠᠯᠠᠬᠤ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠭᠤᠣᠯ ᠤᠨ ᠵᠠᠮ ᠤᠨ ᠡᠯᠡᠰᠦ ᠮᠠᠯᠲᠠᠬᠤ ᠶᠢᠨ ᠬᠠᠮᠢᠶᠠᠷᠤᠯᠲᠠ | ᠬᠢᠭᠡᠳ ᠬᠢᠨᠠᠯᠲᠠ ᠲᠠᠯᠪᠢᠬᠤ ᠠᠵᠢᠯ ᠢ ᠡᠭᠦᠷᠭᠡᠯᠡᠵᠦ᠂ ᠭᠤᠣᠯ ᠤᠨ ᠵᠠᠮ ᠤᠨ ᠡᠯᠡᠰᠦ ᠮᠠᠯᠲᠠᠬᠤ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ︵ᠢᠦᠢ ᠴᠢᠤᠸᠠᠨ ᠲᠣᠭᠤᠷᠢᠭ ᠤᠨ ᠡᠯᠡᠰᠦ ᠮᠠᠯᠲᠠᠬᠤ ᠡᠭᠦᠷᠭᠡ ᠦᠭᠡᠢ︶ ᠶᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ | 3. ᠤᠰᠤᠨ ᠣᠷᠣᠨ ᠵᠢᠴᠢ ᠡᠷᠭᠢ ᠳᠠᠭᠠᠤ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢ ᠵᠢᠯᠣᠭᠤᠳᠴᠤ᠂ | ᠴᠢᠬᠤᠯᠠ ᠭᠤᠤᠯ ᠮᠥᠷᠡᠨ ᠨᠠᠭᠤᠷ ᠴᠥᠭᠦᠷᠥᠮ᠂ ᠲᠣᠮᠣ ᠳᠤᠮᠳᠠ ᠬᠡᠯᠪᠡᠷᠢ ᠶᠢᠨ ᠤᠰᠤᠨ ᠴᠠᠬᠢᠯᠭᠠᠨ ᠤ ᠥᠷᠲᠡᠭᠡ ᠶᠢᠨ | ᠴᠥᠭᠦᠷᠥᠮ ᠤᠨ ᠣᠷᠣᠨ ᠢ ᠨᠡᠭᠡᠭᠡᠨ ᠬᠥᠭᠵᠢᠭᠦᠯᠬᠦ᠂ ᠵᠠᠰᠠᠬᠤ ᠪᠠ ᠬᠠᠮᠠᠭᠠᠯᠠᠬᠤ ᠶᠢ ᠵᠢᠯᠣᠭᠤᠳᠴᠤ᠂ ᠭᠤᠤᠯ ᠮᠥᠷᠡᠨ | ᠨᠠᠭᠤᠷ ᠴᠥᠭᠦᠷᠥᠮ ᠤᠨ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠠᠵᠢᠯ ᠢ ᠵᠢᠯᠣᠭᠤᠳᠤᠨ᠎ᠠ᠃ | ︵ᠳᠤᠯᠤᠭ᠎ᠠ︶ ᠤᠰᠤᠨ ᠶᠠᠪᠤᠳᠠᠯ ᠤᠨ ᠠᠵᠢᠯᠯᠠᠭᠠᠨ ᠤ ᠰᠠᠯᠠᠭ᠎ᠠ | 1. ᠤᠰᠤᠨ ᠤ ᠶᠠᠪᠤᠳᠠᠯ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠭᠤᠤᠯᠳᠠᠯᠭ᠎ᠠ ᠲᠠᠢ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ | ᠰᠢᠮᠳᠠᠭᠤᠯᠤᠨ ᠪᠠᠶᠢᠴᠠᠭᠠᠨ᠎ᠠ᠃ ᠤᠰᠤᠨ ᠤ ᠶᠠᠪᠤᠳᠠᠯ ᠤᠨ ᠢᠨᠵᠧᠨᠧᠷᠢᠩ ᠤᠨ ᠶᠠᠰᠤ ᠴᠢᠨᠠᠷ ᠪᠠ ᠠᠮᠤᠷ ᠲᠦᠪᠰᠢᠨ ᠤ | ᠬᠢᠨᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠤ ᠶᠠᠪᠤᠳᠠᠯ ᠤᠨ ᠠᠵᠢᠯ ᠲᠥᠷᠥᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | 2. ᠳᠠᠯᠠᠩ᠂ ᠤᠰᠤᠨ ᠬᠠᠭᠠᠯᠲᠠ ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠪᠠ | ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠤᠨ᠎ᠠ᠃ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢ | ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | 3. ᠤᠰᠤᠨ ᠤ ᠪᠠᠶᠢᠳᠠᠯ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ | ᠡᠭᠦᠷᠭᠡᠯᠡᠵᠦ᠂ ᠪᠦᠬᠦ ᠲᠤᠭᠤᠷᠢᠭ ᠤᠨ ᠴᠢᠬᠤᠯᠠ ᠭᠤᠣᠯ ᠮᠥᠷᠡᠨ ᠪᠠ ᠴᠢᠬᠤᠯᠠ ᠤᠰᠤᠨ ᠤ ᠢᠨᠵᠧᠨᠧᠷᠢᠩ ᠤᠨ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠭᠠᠮᠰᠢᠭ ᠢ ᠲᠣᠬᠢᠷᠠᠭᠤᠯᠬᠤ ᠵᠢᠴᠢ ᠪᠠᠴᠢᠮ ᠪᠠᠶᠢᠳᠠᠯ ᠢ | ᠠᠷᠭᠠᠴᠠᠭᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ | ︵ᠨᠠᠢᠮᠠ︶ ᠶᠡᠭᠡ ᠲᠦᠷᠭᠡᠨ ᠭᠤᠣᠯ ᠤᠨ ᠬᠠᠮᠢᠶᠠᠷᠤᠯᠲᠠ ᠶᠢᠨ ᠠᠯᠪᠠᠨ ᠭᠡᠷ | 1. ᠢᠦᠢ ᠴᠢᠤᠸᠠᠨ ᠲᠣᠭᠤᠷᠢᠭ ᠤᠨ ᠬᠡᠰᠡᠭ ᠤᠨ ᠶᠡᠭᠡ ᠲᠦᠷᠭᠡᠨ ᠭᠤᠣᠯ ᠤᠨ ᠤᠰᠤᠨ ᠤ ᠣᠷᠣᠨ ᠵᠢᠴᠢ | ᠡᠷᠭᠢ ᠶᠢᠨ ᠱᠤᠭᠤᠮ ᠤᠨ ᠡᠳᠦᠷ ᠳᠣᠳᠣᠮ ᠤᠨ ᠬᠠᠮᠢᠶᠠᠷᠤᠯᠲᠠ ᠶᠢ ᠡᠭᠦᠷᠭᠡᠯᠡᠨ᠎ᠡ᠃ | 2. ᠬᠠᠷᠢᠶ᠎ᠠ ᠣᠷᠣᠨ ᠤ ᠪᠠᠨ ᠪᠤᠰᠤᠳ ᠭᠤᠤᠯ ᠤᠨ ᠵᠠᠮ ᠤᠨ ᠡᠳᠦᠷ ᠲᠤᠲᠤᠮ ᠤᠨ ᠭᠤᠤᠯ ᠮᠥᠷᠡᠨ ᠢ | ᠴᠠᠭᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | 3. ᠬᠠᠷᠢᠶ᠎ᠠ ᠣᠷᠣᠨ ᠤ ᠳᠣᠲᠣᠷᠠᠬᠢ ᠭᠤᠤᠯ ᠤᠨ ᠵᠠᠮ ᠤᠨ ᠤᠰᠤᠨ ᠴᠣᠭᠴᠠ ᠶᠢ ᠬᠠᠮᠠᠭᠠᠯᠠᠬᠤ ᠠᠵᠢᠯ ᠢ | ᠬᠠᠷᠢᠭᠤᠴᠠᠨ᠎ᠠ᠃ | 4. ᠬᠠᠷᠢᠶ᠎ᠠ ᠣᠷᠣᠨ ᠤ ᠳᠣᠲᠣᠷᠠᠬᠢ ᠭᠤᠣᠯ ᠤᠨ ᠵᠠᠮ ᠤᠰᠤᠨ ᠡᠪᠡᠰᠦ ᠵᠢᠴᠢ ᠭᠤᠣᠯ ᠤᠨ ᠵᠠᠮ ᠤᠨ ᠣᠷᠴᠢᠨ | ᠲᠣᠭᠤᠷᠢᠨ ᠤ ᠠᠷᠢᠭᠤᠨ ᠴᠡᠪᠡᠷ ᠢ ᠴᠡᠪᠡᠷᠯᠡᠬᠦ ᠶᠢ ᠬᠠᠷᠢᠭᠤᠴᠠᠨ᠎ᠠ᠃ | 5. ᠬᠠᠷᠢᠶ᠎ᠠ ᠣᠷᠣᠨ ᠤ ᠳᠣᠲᠣᠷᠠᠬᠢ ᠭᠤᠤᠯ ᠤᠨ ᠵᠠᠮ ᠢᠶᠠᠷ ᠵᠢᠭᠠᠰᠤ ᠭᠦᠬᠢᠳᠡᠬᠦ ᠤᠰᠤᠨ ᠳᠤ ᠤᠮᠪᠠᠭ᠋ᠤ ᠵᠢᠴᠢ | ᠠᠮᠤᠷ ᠲᠦᠪᠰᠢᠨ ᠤ ᠳᠠᠯᠳᠠ ᠬᠡᠮ ᠲᠠᠢ ᠬᠤᠯᠪᠣᠭᠳᠠᠬᠤ ᠦᠢᠯᠡ ᠠᠵᠢᠯᠯᠠᠭ᠎ᠠ ᠶᠢ ᠬᠢᠨᠠᠨ ᠵᠢᠯᠣᠭᠤᠳᠴᠤ ᠢᠳᠬᠠᠨ | ᠬᠤᠷᠢᠭᠯᠠᠬᠤ ᠶᠢ ᠬᠠᠷᠢᠭᠤᠴᠠᠨ᠎ᠠ᠃ | 6.ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠵᠦᠢᠯ ᠤᠳ ᠢ ᠪᠡᠶᠡᠯᠡᠭᠦᠯᠦᠨ᠎ᠡ᠃ | | ᠠᠵᠢᠯᠯᠠᠬᠤ ᠬᠠᠶ᠋ᠢᠭ᠄ ᠢᠦᠶ ᠴᠢᠤᠸᠠᠨ ᠲᠣᠭᠤᠷᠢᠭ ᠤᠨ ᠶᠢᠨ ᠾᠧ ᠡᠮᠦᠨ᠎ᠡ ᠵᠡᠭᠡᠯᠢ ᠶᠢᠨ ᠭᠤᠸᠠᠨ ᠯᠠᠨ ᠣᠯᠠᠨ | ᠤᠯᠤᠰ ᠤᠨ B ᠲᠣᠭᠤᠷᠢᠭ ᠤᠨ ᠬᠤᠳᠠᠯᠳᠤᠭᠠᠨ ᠤ ᠠᠰᠠᠷ ᠤᠨ 7 ᠳ᠋ᠤᠭᠠᠷ ᠠᠰᠠᠷ | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ | 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠯᠴᠠᠬᠤ ᠤᠲᠠᠰᠤ᠄ 0471— 5610939 | ᠬᠠᠷᠢᠭᠤᠴᠠᠯᠭ᠎ᠠ ᠡᠭᠦᠷᠭᠡᠯᠡᠭᠴᠢ᠄ ᠯᠢ ᠾᠧ ᠫᠢᠩ | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | | | |