ᠮᠡᠳᠡᠭᠡ ᠵᠠᠩᠭᠢᠵᠢᠯᠲᠠ ᠶᠢᠨ ᠳᠡᠭᠡᠳᠦ ᠬᠤᠷᠳᠤᠴᠠ ᠪᠠᠷ ᠬᠥᠭᠵᠢᠭᠰᠡᠨ ᠥᠨᠥᠳᠦᠷ᠂ ᠨᠠᠰᠤᠨ ᠳᠤ ᠥᠯᠥ | ᠭᠦᠷᠦᠭᠰᠡᠳ ᠤᠨ ᠰᠦᠯᠵᠢᠶᠡᠨ ᠤ ᠠᠮᠤᠷ ᠲᠦᠪᠰᠢᠨ ᠬᠢᠭᠡᠳ ᠮᠡᠬᠡᠯᠡᠯ ᠠᠴᠠ ᠰᠡᠷᠭᠡᠶᠢᠯᠡᠬᠦ ᠬᠥᠮᠦᠵᠢᠯ ᠮᠠᠰᠢ ᠴᠢᠬᠤᠯᠠ | ᠪᠠᠶᠢᠳᠠᠭ᠃ ᠨᠡᠶᠢᠭᠡᠮ ᠲᠣᠭᠤᠷᠢᠭ ᠤᠨ ᠵᠠᠯᠠᠭᠤᠴᠤᠳ ᠪᠠᠭᠠᠴᠤᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ | ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ | ᠲᠣᠭᠤᠷᠢᠭ ᠤᠨ ᠶᠡᠭᠡ ᠵᠣᠣ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ | ᠥᠷᠲᠡᠭᠡ ᠢᠦᠶ ᠴᠢᠤᠸᠠᠨ ᠲᠣᠭᠤᠷᠢᠭ ᠤᠨ ᠯᠢᠩ ᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ | ᠲᠥᠪ᠂ ᠶᠢᠨ ᠬᠥ᠋ ᠪᠠᠩᠬᠢ ᠶᠢᠨ ᠢᠦᠶ ᠴᠢᠤᠸᠠᠨ ᠰᠠᠯᠪᠤᠷᠢ ᠪᠠᠩᠬᠢ ᠲᠠᠢ ᠬᠠᠮᠲᠤᠷᠠᠨ ᠨᠠᠰᠤᠨ ᠳᠤ ᠥᠯᠥ | ᠭᠦᠷᠦᠭᠰᠡᠳ ᠤᠨ ᠮᠡᠬᠡᠯᠡᠯ ᠠᠴᠠ ᠰᠡᠷᠭᠡᠶᠢᠯᠡᠬᠦ ᠳᠠᠭᠤᠷᠢᠶᠠᠮᠠᠯ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠳᠤᠮᠳᠠ᠂ ᠨᠡᠶᠢᠭᠡᠮ ᠲᠣᠭᠤᠷᠢᠭ ᠤᠨ ᠬᠢᠨ ᠪᠠᠩᠬᠢ ᠠᠴᠠ ᠢᠷᠡᠭᠰᠡᠨ ᠲᠤᠰᠬᠠᠢ ᠮᠡᠷᠭᠡᠵᠢᠯᠲᠡᠨ ᠢ | ᠣᠨᠴᠠᠭᠠᠶᠢᠯᠠᠨ ᠤᠷᠢᠵᠤ᠂ ᠠᠵᠢᠯᠯᠠᠭ᠎ᠠ ᠳᠤ ᠣᠷᠣᠯᠴᠠᠭᠰᠠᠨ ᠬᠡᠦᠬᠡᠳ ᠤᠳ ᠲᠤ ᠮᠡᠬᠡᠯᠡᠯ ᠠᠴᠠ ᠰᠡᠷᠭᠡᠶᠢᠯᠡᠬᠦ | ᠮᠡᠳᠡᠯᠭᠡ ᠶᠢᠨ ᠬᠢᠴᠢᠶᠡᠯ ᠤᠨ ᠲᠠᠩᠬᠢᠮ ᠢ ᠠᠮᠢᠳᠤᠯᠢᠭ ᠢᠶᠠᠷ ᠠᠪᠴᠢᠷᠠᠪᠠ᠃ ᠯᠧᠺᠲ᠋ᠣᠷ ᠦᠨᠡᠨ ᠪᠣᠳᠠᠲᠠᠶ ᠬᠡᠷᠡᠭ ᠤᠨ | ᠵᠢᠱᠢᠶ᠎ᠡ ᠶᠢ ᠵᠠᠳᠠᠯᠬᠤ᠂ ᠬᠠᠷᠢᠯᠴᠠᠨ ᠬᠥᠳᠡᠯᠦᠯᠴᠡᠵᠦ ᠠᠰᠠᠭᠤᠯᠲᠠ ᠬᠠᠷᠢᠭᠤᠯᠬᠤ᠂ ᠳᠦᠷᠢ ᠦᠵᠡᠭᠦᠯᠦᠨ ᠲᠣᠭᠯᠠᠬᠤ | ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠰᠦᠯᠵᠢᠶᠡᠨ ᠤ ᠮᠡᠬᠡᠯᠡᠯ ᠤᠨ ᠦᠷᠭᠦᠯᠵᠢ ᠲᠣᠬᠢᠶᠠᠯᠳᠤᠳᠠᠭ | ᠠᠷᠭ᠎ᠠ ᠪᠠᠷᠢᠯ᠂ ᠢᠯᠭᠠᠨ ᠲᠠᠨᠢᠬᠤ ᠠᠷᠭ᠎ᠠ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠭᠦᠨᠵᠡᠭᠡᠶ ᠪᠥᠭᠡᠳ | ᠣᠶᠢᠯᠠᠭᠠᠮᠵᠢᠲᠠᠶ ᠲᠠᠶᠢᠯᠪᠤᠷᠢᠯᠠᠪᠠ᠃ ᠵᠠᠯᠭᠠᠭᠠᠳ ᠠᠵᠢᠯᠯᠠᠭ᠎ᠠ ᠨᠢ ᠵᠣᠭᠤᠰ ᠲᠤᠭᠠᠯᠠᠬᠤ ᠤᠷ᠎ᠠ ᠴᠢᠳᠠᠪᠤᠷᠢ ᠶᠢᠨ | ᠰᠤᠷᠤᠯᠴᠠᠯᠭ᠎ᠠ ᠶᠢᠨ ᠭᠤᠭᠴᠤᠭ᠎ᠠ ᠳᠤ ᠣᠷᠣᠪᠠ᠃ ᠪᠠᠩᠬᠢ ᠶᠢᠨ ᠠᠵᠢᠯᠲᠠᠨ ᠤ ᠲᠤᠰᠬᠠᠶ ᠮᠡᠷᠭᠡᠵᠢᠯ ᠤᠨ | ᠵᠢᠯᠣᠭᠤᠳᠤᠯᠭ᠎ᠠ ᠳᠣᠣᠷ᠎ᠠ᠂ ᠬᠡᠦᠬᠡᠳ ᠤᠳ ᠰᠤᠷᠤᠯᠭ᠎ᠠ ᠶᠢᠨ ᠲᠡᠮᠳᠡᠭ ᠢᠶᠠᠨ ᠭᠠᠷ ᠲᠤ ᠪᠠᠨ ᠪᠠᠷᠢᠵᠤ᠂ ᠭᠠᠷ ᠤᠨ | ᠬᠤᠷᠤᠭᠤ ᠪᠠᠷ ᠢᠶᠠᠨ ᠵᠣᠭᠤᠰ ᠲᠤᠭᠠᠯᠠᠬᠤ᠂ ᠭᠠᠭᠴᠠ ᠬᠤᠷᠤᠭᠤ ᠪᠠᠷ ᠵᠣᠭᠤᠰ ᠲᠤᠭᠠᠯᠠᠬᠤ ᠵᠡᠷᠭᠡ ᠰᠠᠭᠤᠷᠢ | ᠮᠡᠷᠭᠡᠵᠢᠯ ᠢ ᠨᠠᠷᠢᠨ ᠬᠢᠨᠠᠮᠠᠭᠠᠶ ᠰᠤᠷᠤᠯᠴᠠᠪᠠ᠃ ᠳᠠᠬᠢᠨ ᠳᠠᠪᠲᠠᠨ ᠪᠣᠯᠪᠠᠰᠤᠷᠠᠬᠤ ᠪᠠᠷ ᠳᠠᠮᠵᠢᠨ᠂ ᠴᠥᠭᠡᠨ ᠪᠤᠰᠤ | ᠬᠡᠦᠬᠡᠳ ᠨᠢᠭᠡᠨᠲᠡ ᠪᠣᠯᠪᠠᠰᠤᠷᠠᠩᠭᠤᠶ ᠪᠥᠭᠡᠳ ᠣᠨᠣᠪᠴᠢᠲᠠᠶ ᠵᠣᠭᠤᠰ ᠲᠤᠭᠠᠯᠠᠬᠤ ᠡᠭᠦᠷᠭᠡ ᠪᠠᠨ ᠪᠡᠶᠡᠯᠡᠭᠦᠯᠵᠦ᠂ | ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠠᠯᠠᠭ᠎ᠠ ᠲᠠᠰᠢᠯᠳᠠ ᠶᠢᠨ ᠲᠠᠭᠤᠨ | ᠲᠠᠰᠤᠷᠠᠯᠲᠠ ᠦᠭᠡᠢ ᠴᠢᠩᠭᠠᠷᠠᠪᠠ᠃ ᠡᠨᠡ ᠬᠦ ᠭᠤᠭᠴᠤᠭ᠎ᠠ ᠨᠢ ᠬᠡᠤᠬᠡᠳ ᠤᠨ ᠭᠠᠷ ᠬᠥᠳᠡᠯᠬᠦ ᠴᠢᠳᠠᠪᠤᠷᠢ ᠶᠢ | ᠪᠣᠯᠪᠠᠰᠤᠷᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠲᠡᠳᠡᠨ ᠳᠤ ᠪᠠᠩᠬᠢ ᠶᠢᠨ ᠠᠵᠢᠯᠲᠠᠨ ᠤ ᠡᠳᠦᠷ | ᠲᠤᠲᠤᠮ ᠤᠨ ᠠᠵᠢᠯ ᠳᠤ ᠪᠠᠨ ᠨᠠᠷᠢᠨ ᠬᠢᠨᠠᠮᠠᠭᠠᠢ ᠪᠠᠶᠢᠬᠤ ᠶᠢ ᠮᠡᠳᠡᠷᠡᠭᠦᠯᠵᠦ᠂ ᠲᠡᠳᠡᠨ ᠤ ᠮᠥᠩᠭᠦᠨ ᠭᠦᠢᠯᠭᠡᠭᠡᠨ ᠤ | ᠬᠡᠪ ᠪᠣᠯᠪᠠᠰᠤᠷᠠᠯ ᠢ ᠨᠡᠮᠡᠭᠳᠡᠭᠦᠯᠦᠭᠰᠡᠨ ᠪᠠᠶᠢᠨ᠎ᠠ᠃ | | | | | ᠠᠵᠢᠯᠯᠠᠭ᠎ᠠ ᠶᠢᠨ ᠡᠴᠦᠰ ᠲᠤ᠂ ᠬᠡᠦᠬᠡᠳ ᠤᠳ ᠪᠠᠩᠬᠢ ᠶᠢᠨ ᠡᠳᠦᠷ ᠲᠤᠲᠤᠮ ᠤᠨ ᠬᠠᠳᠠᠭᠠᠯᠠᠮᠵᠢ ᠶᠢᠨ | ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ ᠶᠢ ᠪᠡᠶᠡᠴᠢᠯᠡᠨ ᠣᠶᠢᠯᠠᠭᠠᠪᠠ᠃ ᠪᠠᠩᠬᠢ ᠶᠢᠨ ᠳᠠᠭᠤᠷᠢᠶᠠᠮᠠᠯ | ᠯᠠᠩᠭᠦᠢ ᠶᠢᠨ ᠡᠮᠦᠨ᠎ᠡ᠂ ᠲᠡᠳᠡ ᠵᠣᠭᠤᠰ ᠬᠠᠳᠠᠭᠠᠯᠠᠬᠤ ᠬᠠᠭᠤᠳᠠᠰᠤ ᠶᠢ ᠬᠡᠷᠬᠢᠨ ᠲᠠᠭᠯᠠᠵᠤ ᠪᠢᠴᠢᠬᠦ᠂ ᠯᠠᠩᠭᠦᠢ ᠶᠢᠨ | ᠠᠵᠢᠯᠲᠠᠨ ᠲᠠᠢ ᠬᠡᠷᠬᠢᠨ ᠬᠠᠷᠢᠯᠴᠠᠬᠤ ᠵᠢᠴᠢ ᠪᠠᠩᠬᠢ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠢ ᠤᠶᠢᠯᠠᠭᠠᠵᠤ | ᠵᠢᠷᠤᠮᠯᠠᠬᠤ ᠶᠢ ᠰᠤᠷᠴᠠᠢ᠃ ᠡᠭᠦᠨ ᠠᠴᠠ ᠭᠠᠳᠠᠨ᠎ᠠ᠂ ᠪᠠᠰᠠ ᠳᠠᠭᠤᠳᠠᠬᠤ ᠬᠠᠭᠤᠳᠠᠰᠤ ᠶᠢ ᠲᠠᠭᠯᠠᠨ ᠪᠢᠴᠢᠬᠦ | ᠦᠢᠯᠡᠳᠦᠯᠭᠡ ᠶᠢᠨ ᠭᠤᠭᠴᠤᠭ᠎ᠠ ᠶᠢ ᠣᠨᠴᠠᠭᠠᠶᠢᠯᠠᠨ ᠲᠤᠬᠢᠷᠠᠭᠤᠯᠵᠤ᠂ ᠬᠡᠦᠬᠡᠳ ᠤᠳ ᠲᠤ ᠦᠨᠡᠨ ᠪᠣᠳᠠᠲᠠᠢ | ᠠᠵᠢᠯ ᠤᠨ ᠣᠷᠴᠢᠨ ᠲᠣᠭᠤᠷᠢᠨ ᠢ ᠳᠠᠭᠤᠷᠢᠶᠠᠨ ᠥᠭᠴᠦ᠂ ᠮᠥᠩᠭᠦᠨ ᠭᠦᠢᠯᠭᠡᠭᠡᠨ ᠤ ᠠᠵᠢᠯ ᠤᠨ ᠴᠢᠩᠭ᠎ᠠ ᠨᠢᠮᠪᠠᠢ | ᠪᠠᠶᠢᠬᠤ ᠶᠢ ᠮᠡᠳᠡᠷᠡᠭᠦᠯᠵᠡᠢ᠃ ᠡᠨᠡ ᠤᠳᠠᠭᠠᠨ ᠤ ᠰᠣᠷᠢᠯᠲᠠ ᠪᠠᠷ ᠳᠡᠮᠵᠢᠨ᠂ ᠬᠡᠦᠬᠡᠳ ᠤᠳ ᠪᠠᠩᠬᠢ ᠶᠢᠨ ᠦᠨᠳᠦᠰᠦᠨ | ᠲᠤᠬᠠᠶᠢᠯᠠᠭᠰᠠᠨ ᠠᠵᠢᠯ ᠤᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ | ᠮᠥᠩᠭᠦᠨ ᠭᠦᠢᠯᠭᠡᠭᠡᠨ ᠤ ᠠᠷᠠᠯᠵᠢᠶᠠᠨ ᠤ ᠳᠤᠮᠳᠠ ᠥᠪᠡᠷ ᠤᠨ ᠡᠷᠬᠡ ᠠᠰᠢᠭ ᠢᠶᠠᠨ ᠬᠡᠷᠬᠢᠨ ᠬᠠᠮᠠᠭᠠᠯᠠᠬᠤ ᠶᠢ ᠰᠤᠷᠴᠤ | ᠴᠢᠳᠠᠭᠰᠠᠨ ᠪᠠᠶᠢᠨ᠎ᠠ᠃ | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |