ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠡᠷ ᠣᠷᠣᠨ ᠤ ᠲᠦᠷᠦᠯ ᠵᠦᠢᠯ ᠤᠨ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠳᠡᠩᠰᠡᠯᠡᠯᠲᠡ ᠶᠢ ᠬᠠᠮᠵᠢᠨ ᠭᠦᠢᠴᠡᠳᠭᠡᠬᠦ ᠲᠤᠬᠠᠶ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2024/8/19
ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠄      ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠯ ᠲᠦᠷᠦᠯ ᠵᠦᠢᠯ ᠤᠨ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠬᠤ ᠠᠵᠢᠯ ᠢ ᠲᠦᠷᠭᠡᠳᠬᠡᠬᠦ ᠲᠤᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠣᠲᠣ ᠪᠣᠯᠲᠠᠯ᠎ᠠ᠂ ᠲᠠᠨ ᠤ ᠨᠢᠭᠡᠴᠢ  ᠶᠢᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠡᠷ ᠣᠷᠣᠨ ᠤ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠰᠢᠯᠵᠢᠭᠦᠯᠦᠨ ᠳᠡᠩᠰᠡᠯᠡᠵᠦ ᠰᠢᠢᠳᠪᠦᠷᠢᠯᠡᠬᠦ ᠠᠵᠢᠯ ᠬᠦᠨᠳᠦ ᠨᠣᠴᠢᠲᠠᠶ ᠬᠤᠴᠣᠷᠴᠤ᠂ ᠰᠠᠭᠤᠭᠠᠯᠢ ᠠᠷᠠᠳ ᠣᠯᠠᠨ ᠤᠳᠠᠭ᠎ᠠ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠦᠷᠴᠦ ᠳᠡᠭᠡᠭᠰᠢ ᠰᠤᠷᠪᠤᠯᠵᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠲᠣᠪᠤᠶᠢᠮ᠎ᠠ ᠪᠠᠶᠢᠨ᠎ᠠ᠃      ︽ᠲᠣᠭᠲᠠᠭᠠᠭᠰᠠᠨ ᠭᠤᠤᠯ ᠴᠣᠭᠴᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠬᠠᠮᠵᠢᠯᠴᠠᠨ ᠭᠦᠢᠴᠡᠳᠭᠡᠬᠦ ᠲᠤᠬᠠᠶ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠨᠠᠨ ᠬᠠᠷᠭᠤᠭᠤᠯᠤᠭᠰᠠᠨ ᠰᠠᠨᠠᠯ ᠤᠨ ᠲᠤᠬᠠᠶ ᠮᠡᠳᠡᠭᠳᠡᠯ︾ ︵ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠥᠰᠥᠭ ﹇2023﹈ 729 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ︽︿ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ﹀ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠦᠰᠦᠭ ﹇2023﹈ 26 ᠳ᠋ᠤᠭᠠᠷ ᠲᠣᠭᠠᠲᠤ︶ ᠤᠨ ᠬᠤᠶᠠᠳᠤᠭᠠᠷ ᠵᠤᠷᠪᠤᠰ ᠤᠨ ᠲᠣᠭᠲᠠᠭᠠᠯ ᠶᠣᠰᠣᠭᠠᠷ᠂ ︽ᠥᠯᠥ ᠬᠥᠳᠡᠯᠬᠦ ᠬᠥᠷᠥᠩᠭᠡ ᠶᠢᠨ ᠠᠩᠬ᠎ᠠ ᠤᠳᠠᠭᠠᠨ ᠤ ᠳᠠᠩᠰᠠᠯᠠᠯ ᠢ ᠨᠢᠭᠡᠨᠲᠡ ᠣᠯᠣᠭᠰᠠᠨ ᠣᠷᠣᠨ ᠰᠠᠭᠤᠴᠠ ᠶᠢᠨ ᠲᠥᠷᠥᠯ ᠵᠦᠢᠯ ᠢ ᠬᠥᠬᠡᠬᠤᠲᠠ ᠶᠢᠨ ᠨᠠᠮ ᠵᠠᠰᠠᠭ ᠠᠯᠪᠠᠨ ᠮᠡᠳᠡᠭᠳᠡᠯ ﹇2019﹈ 53 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠷᠠᠭ᠎ᠠ ᠪᠥᠬᠦ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠵᠦ ᠪᠠᠶᠢᠭ᠎ᠠ ᠠᠰᠠᠭᠤᠳᠠᠯ ᠤᠨ ᠡᠬᠡ ᠳᠠᠩᠰᠠᠨ ᠳᠤ ᠣᠷᠣᠭᠤᠯᠤᠭᠰᠠᠨ ᠦᠭᠡᠢ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠤᠶᠤ ᠪᠦᠲᠦᠭᠡᠨ ᠪᠠᠶᠢᠭᠤᠯᠤᠭᠰᠠᠨ ᠨᠢᠭᠡᠴᠢ ᠠᠴᠠ ᠤᠰᠠᠳᠤᠭᠰᠠᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠢ ᠬᠤᠷᠢᠶᠠᠨ ᠠᠪᠤᠭᠠᠳ ᠬᠦᠴᠦᠨ ᠦᠭᠡᠢ ᠪᠣᠯᠭᠠᠭᠰᠠᠨ ᠦᠭᠡᠢ᠂ ᠪᠠᠶᠢᠭᠤᠯᠭ᠎ᠠ ᠨᠢᠭᠡᠴᠢ ᠶᠢᠨ ᠥᠪᠡᠷ ᠢᠶᠠᠨ ᠪᠠᠷᠢᠭᠰᠠᠨ ᠭᠡᠷ ᠪᠠᠶᠢᠰᠢᠩ ᠵᠢᠴᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠭᠰᠡᠨ ᠪᠣᠯᠪᠠᠴᠤ ᠪᠠᠷᠢᠮᠲᠠ ᠬᠢᠵᠦ ᠥᠭᠭᠦᠭᠰᠡᠨ ᠦᠭᠡᠢ ᠵᠡᠷᠭᠡ ᠰᠢᠯᠲᠠᠭᠠᠨ ᠠᠴᠠ ᠪᠣᠯᠵᠤ᠂ ᠥᠮᠴᠢᠲᠡᠨ ᠲᠠᠢ ᠬᠠᠮᠵᠢᠯᠴᠠᠨ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠳᠠᠩᠰᠠᠯᠠᠯᠲᠠ ᠶᠢ ᠭᠦᠢᠴᠡᠳᠬᠡᠬᠦ ᠶᠢᠨ ᠠᠷᠭ᠎ᠠ ᠦᠭᠡᠢ ᠪᠣᠯᠣᠭᠰᠠᠨ ᠪᠣᠯ᠂ ᠪᠦᠲᠦᠭᠡᠨ ᠪᠠᠶᠢᠭᠤᠯᠬᠤ ᠨᠢᠭᠡᠴᠢ ᠪᠤᠶᠤ ᠬᠠᠷᠢᠶ᠎ᠠ ᠣᠷᠣᠨ ᠤ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠳᠠᠭᠠᠭᠠᠨ ᠠᠪᠤᠭᠰᠠᠨ ᠨᠢᠭᠡᠴᠢ ᠠᠴᠠ ᠬᠠᠷᠢᠶ᠎ᠠ ᠣᠷᠣᠨ ᠤ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠵᠤ᠂ ᠬᠠᠷᠢᠶ᠎ᠠ ᠣᠷᠣᠨ ᠤ ᠵᠠᠰᠠᠭ ᠤᠨ ᠣᠷᠳᠣᠨ ᠨᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠬᠤ ᠪᠠᠶᠢᠭᠤᠯᠤᠮᠵᠢ ᠳᠤ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠤᠭᠰᠠᠨ ᠤ ᠳᠠᠷᠠᠭ᠎ᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠬᠤ ᠪᠠᠶᠢᠭᠤᠯᠤᠮᠵᠢ ᠨᠢ ᠦᠯᠡᠳᠡᠭᠳᠡᠯ ᠠᠰᠠᠭᠤᠳᠠᠯ ᠢ ᠦᠨᠳᠦᠰᠦᠯᠡᠨ ᠡᠷᠦᠬᠡ ᠬᠤᠪᠢᠶᠠᠨ ᠲᠥᠷᠥ ᠶᠢᠨ ᠪᠣᠳᠣᠯᠭ᠎ᠠ ᠶᠣᠰᠣᠭᠠᠷ ᠰᠢᠯᠵᠢᠭᠦᠯᠬᠦ ᠳᠠᠩᠰᠠᠯᠠᠯᠲᠠ ᠭᠦᠢᠴᠡᠳᠭᠡᠨ᠎ᠡ︾᠃      ᠮᠠᠨ ᠤ ᠲᠤᠭᠤᠷᠢᠭ ᠠᠴᠠ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠲᠠᠨ ᠤ ᠬᠦᠷᠢᠶᠡᠯᠡᠩ ᠢ ᠣᠷᠣᠯᠠᠨ ᠭᠤᠶᠤᠴᠢᠯᠠᠬᠤ ᠭᠤᠤᠯ ᠴᠣᠭᠴᠠ ᠪᠣᠯᠭᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠡᠷ ᠣᠷᠣᠨ ᠤ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠳᠡᠩᠰᠡᠯᠡᠯᠲᠡ ᠶᠢ ᠭᠦᠢᠴᠡᠳᠭᠡᠬᠦ ᠪᠠᠷ ᠲᠣᠭᠲᠠᠪᠠ᠃        ᠣᠨᠴᠠᠭᠠᠶᠢᠯᠠᠨ ᠵᠠᠷᠯᠠᠪᠠ                   2024 ᠣᠨ ᠤ 8 ᠳ᠋ᠤᠭᠠᠷ ᠰᠠᠷ᠎ᠠ ᠶᠢᠨ 15 ᠤ ᠡᠳᠦᠷ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号