ᠢᠦᠢ ᠴᠢᠤᠸᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ︽ᠡᠷᠲᠡᠨ ᠤ ᠡᠭᠡᠰᠢᠭᠯᠡᠯᠲᠦ ᠢᠦᠢ ᠴᠢᠤᠸᠠᠨ  ᠠᠨᠠᠷ ᠤᠨ ᠴᠡᠴᠡᠭ ᠳᠡᠯᠭᠡᠷᠡᠭᠰᠡᠨ ᠨᠢ︾ ᠭᠡᠬᠦ ᠭᠤᠣᠯ ᠰᠡᠳᠦᠪᠲᠦ ᠳᠠᠭᠤᠤ ᠶᠢ ᠬᠦᠨᠳᠦ ᠴᠢᠬᠤᠯᠠ ᠨᠡᠶᠢᠲᠡᠯᠡᠪᠡ
ᠨᠡᠶᠢᠲᠡᠯᠡᠭᠰᠡᠨ ᠴᠠᠭ᠄
2024/8/19
     ᠢᠦᠢ ᠴᠢᠤᠸᠠᠨ ᠲᠣᠭᠤᠷᠢᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠢᠦᠢ ᠴᠢᠤᠸᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠦᠢᠯᠡᠰ ᠤᠨ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠬᠦ ᠶᠢᠨ ᠲᠦᠯᠦᠭᠡ᠂ ᠢᠦᠶ ᠴᠢᠤᠸᠠᠨ ᠲᠤᠭᠤᠷᠢᠭ ᠤᠨ ᠭᠦᠨ ᠵᠤᠵᠠᠭᠠᠨ ᠲᠡᠤᠬᠡ ᠰᠣᠶᠣᠯ ᠢᠶᠠᠷ ᠠᠷᠤ ᠦᠵᠡᠭᠳᠡᠯ ᠪᠤᠯᠭᠠᠵᠤ᠂ ᠢᠦᠢ ᠴᠢᠤᠸᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠺᠠᠳ᠋ᠷ ᠠᠵᠢᠯᠳᠠᠨ ᠬᠠᠮᠲᠤ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ︽ᠡᠷᠲᠡᠨ ᠤ ᠡᠭᠡᠰᠢᠭᠯᠡᠯᠲᠦ ᠢᠦᠢ ᠴᠢᠤᠸᠠᠨ  ᠠᠨᠠᠷ ᠤᠨ ᠴᠡᠴᠡᠭ ᠳᠡᠯᠭᠡᠷᠡᠭᠰᠡᠨ ᠨᠢ︾ ᠭᠡᠬᠦ ᠭᠤᠣᠯ ᠰᠡᠳᠦᠪᠲᠦ ᠳᠠᠭᠤᠤ ᠶᠢ ᠵᠣᠬᠢᠶᠠᠨ ᠪᠦᠲᠦᠭᠡᠵᠦ᠂ 8 ᠳ᠋ᠤᠭᠠᠷ ᠰᠠᠷ᠎ᠠ ᠶᠢᠨ 16 ᠤ ᠡᠳᠦᠷ QQ ᠳᠠᠭᠤᠤ ᠬᠥᠭᠵᠢᠮ᠂ ᠺᠦ᠋ ᠭᠸᠦ ᠳᠠᠭᠤᠤ ᠬᠥᠭᠵᠢᠮ᠂ ᠸᠠᠩ ᠢ ᠶᠦᠨ ᠳᠠᠭᠤᠤ ᠬᠥᠭᠵᠢᠮ ᠵᠡᠷᠭᠡ ᠪᠦᠬᠦ ᠤᠯᠤᠰ ᠤᠨ ᠬᠢᠲᠠᠳ ᠬᠡᠯᠡᠨ ᠤ ᠳᠠᠭᠤᠤ ᠬᠥᠭᠵᠢᠮ ᠤᠨ ᠲᠠᠪᠴᠠᠩ ᠳᠤ ᠲᠥᠪ ᠴᠢᠩᠭ᠎ᠠ ᠪᠠᠷ ᠨᠡᠶᠢᠲᠡᠯᠡᠪᠡ᠃      ︽ᠡᠷᠲᠡᠨ ᠤ ᠡᠭᠡᠰᠢᠭᠯᠡᠯᠲᠦ ᠢᠦᠢ ᠴᠢᠤᠸᠠᠨ  ᠠᠨᠠᠷ ᠤᠨ ᠴᠡᠴᠡᠭ ᠳᠡᠯᠭᠡᠷᠡᠭᠰᠡᠨ ᠨᠢ︾ ᠭᠡᠬᠦ ᠳᠠᠭᠤᠤ ᠨᠢ ᠢᠦᠢ ᠴᠢᠤᠸᠠᠨ ᠲᠣᠭᠤᠷᠢᠭ ᠤᠨ ᠥᠨᠢ ᠤᠳᠠᠭᠠᠨ ᠲᠡᠦᠬᠡ ᠶᠢᠨ ᠠᠭᠤᠯᠬᠤᠨ ᠢ ᠳᠠᠭᠤᠯᠠᠵᠤ᠂ ᠢᠦᠢ ᠴᠢᠤᠸᠠᠨ ᠲᠣᠭᠤᠷᠢᠭ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠦᠷᠯᠢᠭ ᠰᠠᠶᠢᠬᠠᠨ ᠬᠠᠭᠤᠳᠠᠰᠤ ᠶᠢ ᠳᠠᠭᠤᠯᠠᠬᠤ ᠶᠢᠨ ᠬᠠᠮᠲᠤ ᠪᠠᠰᠠ ᠢᠦᠢ ᠴᠢᠤᠸᠠᠨ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠣᠯᠤᠨ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠳᠠᠭᠤᠯᠠᠵᠠᠶ᠃ ᠲᠣᠰ ᠭᠤᠤᠯ ᠰᠡᠳᠦᠪᠲᠦ ᠳᠠᠭᠤᠤ ᠨᠡᠶᠢᠲᠡᠯᠡᠭᠳᠡᠭᠰᠡᠨ ᠨᠢ ᠢᠦᠶ ᠴᠢᠤᠸᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠬᠠᠭᠤᠯᠭ᠎ᠠ ᠬᠥᠮᠦᠵᠢᠯ ᠤᠨ ᠭᠦᠨᠴᠡ ᠪᠠ ᠥᠷᠭᠡᠴᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠬᠦᠴᠦᠨ ᠢ ᠥᠷᠭᠡᠨ ᠢᠶᠠᠷ ᠨᠢᠭᠲᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠡᠨ ᠪᠣᠳᠠᠲᠠᠶ ᠲᠥᠷᠥᠭᠳᠡᠯ ᠲᠠᠢ ᠪᠦᠲᠦᠮᠵᠢᠲᠡᠶ ᠠᠬᠢᠭᠤᠯᠪᠠ᠃      ᠳᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠢᠦᠢ ᠴᠢᠤᠸᠠᠨ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠭᠦᠳᠦᠨ ᠪᠠᠶᠢᠭᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠡᠭᠦᠳᠦᠨ ᠪᠠᠶᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠨᠡᠩ ᠶᠡᠭᠡ ᠡᠷᠴᠢ ᠵᠣᠷᠢᠭ᠂ ᠨᠡᠩ ᠴᠢᠩᠭ᠎ᠠ ᠵᠣᠷᠢᠭ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠤᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号