ᠵᠠᠯᠠᠭᠤᠴᠤᠳ ᠪᠠᠭᠠᠴᠤᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠤᠯᠤᠰ ᠭᠡᠷ ᠤᠨ ᠬᠠᠶᠢᠷ᠎ᠠ ᠰᠡᠳᠭᠢᠯᠭᠡ | ᠪᠣᠯᠤᠨ ᠬᠠᠷᠢᠭᠤᠴᠠᠯᠭ᠎ᠠ ᠡᠭᠦᠷᠭᠡᠯᠡᠬᠦ ᠶᠢ ᠬᠥᠮᠦᠵᠢᠭᠦᠯᠬᠦ ᠶᠢᠨ ᠲᠥᠯᠥᠭᠡ᠂ ᠲᠦᠷᠦᠭᠦᠬᠡᠨ ᠢᠦᠢ ᠴᠢᠤᠸᠠᠨ | ᠲᠣᠭᠤᠷᠢᠭ ᠤᠨ ᠪᠠᠭᠠᠴᠤᠳ ᠤᠨ ᠬᠤᠰᠢᠭᠤᠴᠢ ᠠᠩᠭᠢ ᠢᠦᠢ ᠴᠢᠤᠸᠠᠨ ᠲᠣᠭᠤᠷᠢᠭ ᠤᠨ ᠪᠠᠭ᠎ᠠ ᠵᠣᠣ ᠪᠠᠭ᠎ᠠ | ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠢ ᠰᠢᠯᠢᠨ ᠰᠣᠩᠭᠤᠵᠤ᠂ ᠥᠪᠡᠷᠲᠡᠭᠡᠨ | ᠵᠠᠰᠠᠬᠤ ᠣᠷᠣᠨ ᠤ ᠡᠪᠯᠡᠯ ᠤᠨ ᠵᠠᠯᠠᠭᠤᠴᠤᠳ ᠤᠨ ᠬᠦᠳᠡᠯᠭᠡᠭᠡᠨ ᠤ ᠲᠥᠪ᠂ ᠳᠤᠮᠳᠠᠳᠤ ᠤᠯᠤᠰ ᠤᠨ ᠪᠠᠭᠠᠴᠤᠳ ᠤᠨ | ᠬᠤᠰᠢᠭᠤᠴᠢ ᠠᠩᠭᠢ ᠶᠢᠨ ᠪᠦᠬᠦ ᠤᠯᠤᠰ ᠤᠨ ᠠᠵᠢᠯ ᠤᠨ ᠵᠦᠪᠯᠡᠯ᠂ ᠵᠠᠯᠠᠭᠤᠴᠤᠳ ᠪᠠᠭᠠᠴᠤᠳ ᠤᠨ | ᠬᠦᠭᠵᠢᠯᠲᠡ ᠶᠢᠨ ᠰᠠᠭᠤᠷᠢ ᠮᠦᠩᠭᠦᠨ ᠤ ᠨᠡᠶᠢᠭᠡᠮᠯᠢᠭ ᠤᠨ ᠥᠷᠨᠢᠭᠦᠯᠦᠭᠰᠡᠨ ︽ᠰᠤᠳᠤᠯᠤᠨ ᠰᠤᠷᠤᠯᠴᠠᠬᠤ | ᠦᠢᠯᠡᠳᠦᠯᠭᠡ ᠦᠰᠦᠨ ᠪᠤᠶᠢᠵᠢᠬᠤ ᠶᠢ ᠠᠬᠢᠭᠤᠯᠵᠤ᠂ ᠬᠠᠮᠤᠭ ᠤᠨ ᠭᠤᠶᠤ ᠬᠢᠴᠢᠶᠡᠯ ᠤᠨ ᠲᠠᠩᠬᠢᠮ ᠵᠠᠮ ᠳᠡᠭᠡᠷ᠎ᠡ | ᠪᠠᠶᠢᠬᠤ︾ ᠵᠤᠨ ᠤ ᠠᠮᠠᠷᠠᠯᠲᠠ ᠶᠢᠨ ᠰᠤᠳᠤᠯᠤᠨ ᠰᠤᠷᠤᠯᠴᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ | ᠣᠷᠣᠯᠴᠠᠪᠠ᠃ | | | | | ᠰᠤᠳᠤᠯᠤᠨ ᠰᠤᠷᠤᠯᠴᠠᠬᠤ ᠨᠢᠭᠡᠳᠦᠭᠡᠷ ᠥᠷᠲᠡᠭᠡᠨ ᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ | ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ | ᠵᠢᠷᠭᠤᠳᠤᠭᠠᠷ ᠬᠦᠷᠢᠶᠡᠯᠡᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠬᠦᠷᠴᠦ᠂ ᠳᠤᠮᠳᠠᠳᠤ ᠤᠯᠤᠰ ᠤᠨ | ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ | ᠬᠦᠷᠢᠶᠡᠯᠡᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ︽ᠤᠯᠠᠭᠠᠨ ᠪᠥᠴᠡᠲᠡᠨ ᠡᠬᠡ ᠤᠯᠤᠰ ᠢᠶᠠᠨ | ᠬᠠᠶᠢᠷᠠᠯᠠᠨ᠎ᠠ — ᠮᠢᠨᠦ ᠰᠡᠳᠬᠢᠯ ᠳᠠᠬᠢ ᠲᠠᠪᠤᠨ ᠣᠳᠣᠲᠤ ᠤᠯᠠᠭᠠᠨ ᠲᠤᠭ︾ ᠤᠨ ᠤᠯᠤᠰ ᠤᠨ ᠲᠤᠭ ᠢ | ᠳᠠᠮᠵᠢᠭᠤᠯᠬᠤ ᠠᠵᠢᠯᠯᠠᠭ᠎ᠠ ᠵᠢᠴᠢ ᠲᠤᠭ ᠮᠠᠨᠳᠤᠭᠤᠯᠬᠤ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠤᠯᠪᠠ᠃ | | | | | ᠡᠨᠡ ᠣᠳᠠᠭᠠᠨ ᠤ ᠲᠤᠭ ᠮᠠᠨᠳᠤᠭᠤᠯᠬᠤ ᠶᠣᠰᠣᠯᠠᠯ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠂ | ᠤᠴᠢᠷ ᠨᠢ ᠳᠠᠮᠵᠢᠭᠤᠯᠤᠭᠰᠠᠨ ᠲᠠᠪᠤᠨ ᠣᠳᠣᠲᠤ ᠤᠯᠠᠭᠠᠨ ᠲᠤᠭ ᠢ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ | ᠨᠢᠰᠬᠦ ᠣᠩᠭᠤᠴᠠ ᠰᠠᠨᠰᠠᠷ ᠲᠤ ᠠᠪᠠᠴᠢᠨ ᠣᠷᠣᠭᠤᠯᠤᠭᠰᠠᠨ ᠪᠥᠭᠡᠳ ᠬᠤᠪᠢᠯᠭᠠᠨ ᠣᠩᠭᠤᠴᠠ ᠠᠷᠪᠠᠨ ᠳᠣᠯᠣᠳᠤᠭᠠᠷ | ᠨᠢᠰᠬᠦ ᠣᠩᠭᠤᠴᠠ ᠭᠠᠵᠠᠷ ᠳᠡᠭᠡᠷ᠎ᠡ ᠠᠪᠴᠢᠷᠠᠭᠰᠠᠨ ᠶᠤᠮ᠃ ᠠᠩᠭᠢ ᠶᠢᠨ ᠭᠡᠰᠢᠭᠦᠳ ᠤᠨ ᠲᠥᠯᠥᠭᠡᠯᠡᠭᠴᠢ ᠲᠡᠨᠳᠡ | ᠵᠣᠭᠰᠣᠵᠤ᠂ ᠡᠨᠡᠬᠦ ᠠᠯᠭᠤᠷᠬᠠᠨ ᠮᠠᠨᠳᠤᠭᠰᠠᠨ ᠲᠠᠪᠤᠨ ᠣᠳᠣᠲᠤ ᠤᠯᠠᠭᠠᠨ ᠲᠤᠭ ᠢ ᠬᠠᠷᠠᠭᠠᠳ ᠮᠠᠰᠢ ᠣᠮᠣᠭᠰᠢᠵᠤ | ᠪᠠᠶᠢᠯ᠎ᠠ᠃ | | | | | ᠬᠤᠶᠠᠳᠤᠭᠠᠷ ᠥᠷᠲᠡᠭᠡᠨ ᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠭᠤᠴᠢᠳᠤᠭᠠᠷ ᠳᠤᠮᠳᠠᠳᠤ | ᠰᠤᠷᠭᠠᠭᠤᠯᠢ ᠳᠤ ᠬᠦᠷᠴᠦ ︽ᠬᠠᠷᠠᠭ᠎ᠠ ᠰᠡᠷᠭᠦᠭᠡᠬᠦ ᠬᠤᠨᠳᠠᠭᠠᠲᠤ︾ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ | ᠮᠡᠳᠡᠯᠭᠡ ᠶᠢᠨ ᠤᠷᠤᠯᠳᠤᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠰᠢᠢᠳᠪᠦᠷᠢᠲᠦ | ᠤᠷᠤᠯᠳᠤᠭᠠᠨ ᠳᠤ ᠣᠷᠣᠯᠴᠠᠵᠤ᠂ ᠠᠵᠢᠯᠯᠠᠭ᠎ᠠ ᠶᠢᠨ ᠠᠬᠤᠶ ᠲᠠᠯᠠᠪᠠᠶ ᠶᠢᠨ ᠠᠭᠤᠷ ᠠᠮᠢᠰᠬᠤᠯ ᠪᠠᠴᠢᠮ ᠶᠠᠭᠠᠷᠠᠯᠲᠠᠶ | ᠪᠠᠶᠢᠵᠤ᠂ ᠡᠯ᠎ᠡ ᠠᠶᠢᠮᠠᠭ ᠬᠤᠲᠠ ᠶᠢᠨ ᠲᠥᠯᠥᠭᠡᠯᠡᠭᠴᠢᠳ ᠤᠨ ᠠᠩᠭᠢ ᠨᠢᠭᠡ ᠤᠳᠠᠭᠠᠨ ᠤ ᠳᠠᠷᠢ ᠶᠢᠨ ᠤᠳᠤᠭ᠎ᠠ | ᠬᠠᠷᠠᠭᠳᠠᠬᠤ ᠥᠬᠡᠶ ᠪᠣᠯᠤᠭᠰᠠᠨ ᠪᠣᠯᠪᠠᠴᠤ ᠳᠠᠷᠢ ᠶᠢᠨ ᠦᠨᠦᠷ ᠠᠮᠲᠠ ᠪᠠᠷ ᠪᠢᠯᠬᠠᠭᠰᠠᠨ ᠤᠷᠤᠯᠳᠤᠭᠠᠨ ᠢ | ᠦᠵᠡᠭᠦᠯᠪᠡ᠃ ᠠᠩᠭᠢ ᠶᠢᠨ ᠭᠡᠰᠢᠭᠦᠳ ᠪᠠᠰᠠ ᠣᠶᠢᠷ᠎ᠠ ᠬᠠᠷᠠᠭ᠎ᠠ ᠶᠢ ᠰᠡᠷᠭᠡᠶᠢᠯᠡᠬᠦ ᠮᠠᠰᠢ ᠣᠯᠠᠨ ᠮᠡᠳᠡᠯᠭᠡ ᠶᠢ ᠣᠯᠵᠤ᠂ | ᠬᠠᠷᠢᠯᠴᠠᠨ ᠬᠥᠳᠡᠯᠦᠯᠴᠡᠬᠦ ᠭᠤᠭᠴᠤᠭ᠎ᠠ ᠳᠤ ᠨᠠᠩ ᠴᠤ ᠥᠪᠡᠷ ᠢ ᠪᠠᠨ ᠳᠡᠯᠭᠡᠨ ᠦᠵᠡᠭᠦᠯᠬᠦ ᠳᠤ ᠣᠷᠣᠯᠴᠠᠵᠤ᠂ | ᠥᠪᠡᠷ ᠤᠨ ᠰᠤᠷᠭᠠᠭᠤᠯᠢ ᠳᠠᠭᠠᠨ ᠥᠩᠭᠡ ᠬᠡᠷᠡᠯ ᠨᠡᠮᠡᠷᠢᠯᠡᠭᠰᠡᠨ ᠪᠠᠶᠢᠨ᠎ᠠ᠃ ᠪᠠᠭᠠᠴᠤᠳ ᠤᠨ ᠬᠤᠰᠢᠭᠤᠴᠢ | ᠠᠩᠭᠢ ᠶᠢᠨ ᠲᠥᠯᠥᠭᠡᠯᠡᠭᠴᠢ ᠪᠠᠰᠠ ᠤᠷᠤᠯᠳᠤᠭᠠᠨ ᠤ ᠲᠠᠯᠠᠪᠠᠶ ᠳᠤ ᠳᠠᠭᠤᠤ ᠬᠥᠭᠵᠢᠮᠳᠡᠵᠦ᠂ ᠨᠠᠩ ᠴᠤ ᠡᠨᠡ ᠬᠦ | ᠤᠷᠤᠯᠳᠤᠭᠠᠨ ᠳᠤ ᠨᠠᠩ ᠣᠯᠠᠨ ᠬᠠᠷᠠᠯᠲᠠ ᠨᠡᠮᠡᠪᠡ᠃ | | | | | ᠭᠤᠷᠪᠠᠳᠤᠭᠠᠷ ᠥᠷᠲᠡᠭᠡᠨ ᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠬᠦᠷᠴᠦ᠂ ᠪᠥᠮᠪᠥᠭᠡᠨ ᠬᠥᠰᠢᠭᠡ ᠶᠢᠨ ᠺᠢᠨᠣ᠋ ᠶᠢᠨ ᠣᠷᠳᠣᠨ ᠳᠤ | ᠣᠷᠣᠵᠤ ᠭᠠᠷᠠᠭ ᠣᠳᠣᠨ ᠢᠶᠠᠷ ᠣᠷᠴᠢᠯᠠᠩ ᠢ ᠨᠡᠷᠡᠶᠢᠳᠬᠦ ᠲᠤᠬᠠᠶ ᠺᠢᠨᠣ᠋ ᠶᠢ ᠰᠣᠨᠢᠷᠬᠠᠵᠤ᠂ ᠪᠠᠭᠠᠴᠤᠳ ᠤᠨ | ᠬᠤᠰᠢᠭᠤᠴᠢ ᠠᠩᠭᠢ ᠶᠢᠨ ᠭᠡᠰᠢᠭᠦᠳ ᠣᠷᠴᠢᠯᠠᠩ ᠤᠨ ᠨᠢᠭᠤᠴᠠ ᠶᠢ ᠣᠶᠢᠯᠠᠭᠠᠵᠤ᠂ ᠬᠥᠮᠦᠨ ᠲᠥᠷᠥᠯᠬᠢᠲᠡᠨ ᠤ | ᠠᠭᠠᠷ ᠤᠨ ᠠᠶᠠᠯᠠᠯ ᠤᠨ ᠬᠦᠷᠢᠶᠡᠨ ᠳᠤ ᠣᠯᠤᠭᠰᠠᠨ ᠴᠢᠬᠤᠯᠠ ᠶᠡᠭᠡ ᠦᠷ᠎ᠡ ᠪᠦᠲᠦᠭᠡᠯ ᠢ ᠣᠶᠢᠯᠠᠭᠠᠪᠠ᠃ | ᠰᠠᠨᠰᠠᠷ ᠤᠨ ᠠᠶᠠᠯᠠᠯ ᠤᠨ ᠲᠡᠦᠬᠡ ᠠᠴᠠ ᠣᠳᠣ ᠦᠶ᠎ᠡ ᠶᠢᠨ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ᠂ | ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠠᠭᠠᠷ ᠤᠨ ᠠᠶᠠᠯᠠᠯ ᠤᠨ ᠬᠥᠭᠵᠢᠯᠲᠡ ᠶᠢᠨ ᠶᠠᠪᠤᠴᠠ ᠶᠢ | ᠰᠤᠷᠤᠯᠴᠠᠵᠤ᠂ ᠪᠠᠭᠰᠢ ᠨᠠᠷ ᠲᠠᠢ ᠬᠠᠮᠲᠤ ᠳᠤᠮᠳᠠᠳᠤ ᠤᠯᠤᠰ ᠤᠨ ᠬᠥᠮᠦᠨ ᠤ ᠰᠠᠨᠰᠠᠷ ᠤᠨ ᠠᠶᠠᠯᠠᠯ ᠤᠨ ᠵᠡᠭᠦᠳᠦ ᠶᠢ | ᠲᠠᠶᠢᠯᠪᠠ᠃ | ᠳᠥᠷᠪᠡᠳᠦᠭᠡᠷ ᠥᠷᠲᠡᠭᠡᠨ ᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠮᠧᠩ ᠼᠤᠤ ᠦᠷ᠎ᠡ ᠶᠢᠨ | ᠦᠢᠯᠡᠰ ᠤᠨ ᠲᠥᠪ ︵ᠵᠠᠭᠤᠨ ᠡᠪᠡᠰᠦᠨ ᠬᠦᠷᠢᠶᠡᠯᠡᠩ︶ ᠤᠨ ᠰᠠᠭᠤᠷᠢᠨ ᠭᠠᠵᠠᠷ ᠲᠤ ᠬᠦᠷᠴᠦ᠂ ᠪᠠᠭᠠᠴᠤᠳ ᠤᠨ | ᠬᠤᠰᠢᠭᠤᠴᠢ ᠠᠩᠭᠢ ᠶᠢᠨ ᠭᠡᠰᠢᠭᠦᠳ ᠡᠩ ᠤᠨ ᠦᠶ᠎ᠡ ᠶᠢᠨ ᠬᠢᠴᠢᠶᠡᠯ ᠤᠨ ᠲᠠᠩᠬᠢᠮ ᠠᠴᠠ ᠭᠠᠷᠴᠤ᠂ ᠪᠠᠶᠢᠭᠠᠯᠢ ᠳᠤ | ᠣᠷᠣᠵᠤ᠂ ᠰᠢᠨ᠎ᠡ ᠮᠡᠳᠡᠯᠭᠡ ᠶᠢ ᠣᠶᠢᠯᠠᠭᠠᠵᠤ᠂ ᠦᠷ᠎ᠡ ᠶᠢᠨ ᠪᠤᠶᠢᠵᠢᠯᠲᠠ ᠶᠢ ᠣᠶᠢᠯᠠᠭᠠᠵᠤ᠂ ᠦᠷ᠎ᠡ ᠠᠴᠠ ᠵᠦᠯᠭᠡ | ᠬᠦᠷᠲᠡᠯᠡᠬᠢ ᠬᠤᠪᠢᠷᠠᠯᠲᠠ ᠶᠢ ᠣᠶᠢᠯᠠᠭᠠᠵᠤ᠂ ᠨᠡᠩ ᠴᠤ ᠭᠢᠰᠭᠢᠵᠦ ᠪᠣᠯᠬᠤ ᠡᠪᠡᠰᠦ ᠶᠢ ᠪᠡᠶᠡᠴᠢᠯᠡᠨ ᠤᠶᠢᠯᠠᠭᠠᠪᠠ᠃ | ᠲᠣᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠨᠢ ᠮᠡᠳᠡᠯᠭᠡ ᠶᠢ ᠳᠠᠮᠵᠢᠭᠤᠯᠬᠤ ᠠᠶᠠᠯᠠᠯ | ᠪᠣᠯᠬᠤ ᠪᠠᠷ ᠪᠠᠷᠠᠬᠤ ᠥᠬᠡᠶ᠂ ᠨᠠᠩ ᠴᠤ ᠣᠶᠤᠨ ᠰᠠᠨᠠᠭᠠᠨ ᠤ ᠰᠡᠩᠬᠡᠷᠡᠭᠦᠯᠦᠯ ᠪᠠ ᠣᠶᠤᠨ ᠰᠠᠨᠠᠭᠠᠨ ᠤ ᠤᠬᠢᠶᠠᠯ | ᠪᠣᠯᠤᠨ᠎ᠠ᠃ ᠲᠡᠷᠡ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠰᠢᠨᠵᠢᠯᠡᠬᠦ ᠤᠬᠠᠭᠠᠨ ᠤ ᠬᠢᠵᠠᠭᠠᠯᠠᠰᠢ | ᠦᠭᠡᠢ ᠲᠠᠲᠠᠬᠤ ᠬᠦᠴᠦᠨ ᠪᠠ ᠬᠦᠴᠦᠷᠬᠡᠭ ᠶᠡᠭᠡ ᠬᠦᠴᠦᠨ ᠢ ᠭᠦᠨᠵᠡᠭᠡᠶ ᠣᠶᠢᠯᠠᠭᠠᠭᠤᠯᠬᠤ ᠶᠢᠨ ᠬᠠᠮᠲᠤ ᠪᠠᠰᠠ | ᠠᠩᠭᠢ ᠶᠢᠨ ᠭᠡᠰᠢᠭᠦᠳ ᠲᠤ ᠥᠪᠡᠷ ᠤᠨ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶ | ᠲᠠᠨᠢᠭᠤᠯᠵᠤ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠶᠢᠬᠠᠮᠰᠢᠭᠲᠤ ᠪᠠ ᠬᠦᠰᠡᠨ | ᠮᠥᠷᠥᠭᠡᠳᠬᠦ ᠦᠷ᠎ᠡ ᠶᠢ ᠰᠡᠳᠬᠢᠯ ᠵᠢᠷᠦᠬᠡᠨ ᠳᠡᠭᠡᠨ ᠨᠡᠪᠲᠡᠷᠡᠭᠦᠯᠵᠦ᠂ ᠰᠢᠨᠵᠢᠯᠡᠬᠦ ᠤᠬᠠᠭᠠᠨ ᠤ ᠮᠡᠳᠡᠯᠭᠡ ᠶᠢ ᠴᠢᠷᠮᠠᠶᠢᠨ | ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠵᠢᠭᠦᠷ ᠪᠣᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠦᠨᠳᠦ | ᠡᠭᠦᠷᠭᠡ ᠶᠢ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠬᠦ ᠪᠣᠯᠤᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |