ᠢᠦᠢ ᠴᠢᠤᠸᠠᠨ ᠲᠣᠭᠤᠷᠢᠭ 2024 ᠣᠨ ᠤ ᠵᠠᠰᠠᠭ ᠤᠨ ᠣᠷᠳᠣᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠳᠤ ᠨᠡᠶᠢᠴᠡᠬᠦ ᠠᠵᠢᠯ ᠤᠨ ᠪᠠᠶᠢᠷᠢ ᠰᠣᠩᠭᠤᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/2
     ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠨ ᠦᠳᠡ ᠶᠢᠨ ᠬᠤᠶᠢᠨ᠎ᠠ᠂ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠢᠦᠶ ᠴᠢᠤᠸᠠᠨ ᠲᠣᠭᠤᠷᠢᠭ 2024 ᠣᠨ ᠤ ᠵᠠᠰᠠᠭ ᠤᠨ ᠣᠷᠳᠣᠨ ᠠᠴᠠ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠳᠤ ᠨᠡᠶᠢᠴᠡᠬᠦ ᠠᠵᠢᠯ ᠤᠨ ᠪᠠᠶᠢᠷᠢ ᠰᠣᠩᠭᠤᠬᠤ ᠠᠵᠢᠯ ᠤᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠠᠩ ᠢᠦᠶ ᠴᠦᠨ ᠨᠥᠬᠦᠷ ᠬᠤᠷᠠᠯ ᠢ ᠡᠷᠭᠢᠯᠡᠵᠦ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠵᠠᠰᠠᠭ ᠤᠨ ᠣᠷᠳᠣᠨ ᠤ ᠲᠥᠪᠬᠢᠨᠡᠭᠦᠯᠭᠡ ᠳᠤ ᠨᠡᠶᠢᠴᠡᠬᠦ ᠴᠡᠷᠢᠭ ᠤᠨ ᠠᠯᠪᠠ ᠠᠴᠠ ᠬᠠᠯᠠᠭᠳᠠᠭᠰᠠᠨ 5 ᠪᠠᠶᠢᠯᠳᠤᠭᠴᠢ ᠵᠢᠴᠢ ᠬᠡᠷ ᠪᠦᠯᠢ ᠶᠢᠨ ᠬᠢᠨ ᠬᠤᠷᠠᠯ ᠳᠤ ᠣᠷᠣᠯᠴᠠᠵᠤ᠂ ᠲᠣᠰ ᠤᠳᠠᠭᠠᠨ ᠤ ᠠᠵᠢᠯ ᠤᠨ ᠪᠠᠶᠢᠷᠢ ᠰᠣᠩᠭᠤᠬᠤ ᠠᠵᠢᠯ ᠤᠨ ᠬᠤᠷᠠᠯ ᠨᠢ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠠᠴᠠ ᠪᠥᠬᠦ ᠶᠠᠪᠤᠴᠠ ᠳᠤ ᠬᠢᠨᠠᠯᠲᠠ ᠲᠠᠯᠪᠢᠵᠤ ᠠᠯᠪᠠᠨ ᠭᠡᠷᠡᠴᠢᠯᠡᠭᠡ ᠬᠢᠪᠡ᠃
     ᠬᠤᠷᠠᠯ ᠠᠴᠠ ᠠᠵᠢᠯ ᠤᠨ ᠪᠠᠶᠢᠷᠢ ᠰᠣᠩᠭᠤᠬᠤ ᠳᠤ ᠣᠷᠣᠯᠴᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠢᠷᠠᠭᠤ ᠠᠯᠳᠠᠷᠲᠠᠢ ᠪᠠᠷ ᠴᠡᠷᠢᠭ ᠤᠨ ᠠᠯᠪᠠ ᠠᠴᠠ ᠬᠠᠯᠠᠭᠳᠠᠵᠤ ᠨᠤᠲᠤᠭ ᠤᠰᠤᠨ ᠳᠠᠭᠠᠨ ᠪᠤᠴᠠᠵᠤ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠠᠵᠢᠯ ᠤᠨ ᠪᠠᠶᠢᠷᠢ ᠰᠣᠩᠭᠤᠬᠤ ᠬᠤᠷᠠᠯ ᠨᠢ ︽ᠢᠯᠡ ᠪᠠᠷ ᠲᠥᠪᠬᠢᠨᠡᠭᠦᠯᠬᠦ︾ ᠠᠷᠭ᠎ᠠ ᠶᠢ ᠦᠷᠭᠦᠯᠵᠢᠯᠡᠨ ᠬᠡᠷᠡᠭᠯᠡᠵᠦ᠂ ᠡᠷᠬᠡ ᠲᠡᠭᠰᠢ᠂ ᠢᠯᠡ ᠲᠤᠳᠤ᠂ ᠲᠥᠪ ᠭᠤᠤᠯᠴᠢ ᠲᠥᠪᠬᠢᠨᠡᠭᠦᠯᠬᠦ ᠵᠠᠷᠴᠢᠮ ᠶᠣᠰᠣᠭᠠᠷ᠂ ᠬᠡᠮᠵᠢᠶᠡᠵᠢᠭᠦᠯᠦᠨ ᠬᠤᠪᠢ ᠲᠣᠭᠲᠠᠭᠠᠬᠤ ᠨᠡᠷᠡᠰ ᠤᠨ ᠵᠢᠭᠰᠠᠭᠠᠯᠲᠠ ᠶᠢ ᠴᠢᠩᠭ᠎ᠠ ᠵᠢᠷᠤᠮᠯᠠᠨ᠂ ᠢᠯᠡ ᠪᠠᠷ ᠲᠥᠪᠬᠢᠨᠡᠭᠦᠯᠦᠨ ᠠᠵᠢᠯ ᠤᠨ ᠪᠠᠶᠢᠷᠢ ᠰᠤᠩᠭᠤᠪᠠ᠃ ᠵᠠᠰᠠᠭ ᠤᠨ ᠣᠷᠳᠣᠨ ᠤ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ 5 ᠨᠡᠷᠡᠰ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠥᠨᠳᠥᠷ ᠬᠤᠪᠢ ᠠᠴᠠ ᠳᠣᠤᠷ᠎ᠠ ᠬᠤᠪᠢ ᠬᠦᠷᠲᠡᠯᠡᠬᠢ ᠡᠮᠦᠨ᠎ᠡ ᠬᠤᠶᠢᠨᠠᠬᠢ ᠳᠡᠰ ᠳᠠᠷᠠᠭᠠᠯᠠᠯ ᠢᠶᠠᠷ ᠲᠣᠭᠲᠠᠭᠠᠭᠰᠠᠨ ᠬᠡᠪᠴᠢᠶᠡᠨ ᠳᠣᠲᠣᠷᠠᠬᠢ ᠠᠵᠢᠯ ᠤᠨ ᠪᠠᠶᠢᠷᠢ ᠶᠢ ᠰᠠᠶᠢᠨ ᠳᠤᠷ᠎ᠠ ᠠᠴᠠ ᠪᠠᠨ ᠰᠣᠩᠭᠤᠬᠤ ᠶᠢᠨ ᠬᠠᠮᠲᠤ ᠭᠠᠷ ᠤᠨ ᠦᠰᠦᠭ ᠵᠢᠷᠤᠵᠤ ᠨᠤᠲᠠᠯᠠᠪᠠ᠃
     ᠠᠵᠢᠯ ᠤᠨ ᠪᠠᠶᠢᠷᠢ ᠰᠣᠩᠭᠤᠬᠤ ᠠᠵᠢᠯ ᠳᠠᠭᠤᠰᠤᠭᠰᠠᠨ ᠤ ᠳᠠᠷᠠᠭ᠎ᠠ᠂ ᠶᠠᠩ ᠢᠦᠶ ᠴᠦᠨ ᠨᠥᠬᠦᠷ ᠠᠵᠢᠯ ᠤᠨ ᠪᠠᠶᠢᠷᠢ ᠰᠣᠩᠭᠤᠬᠤ ᠳᠤ ᠠᠮᠵᠢᠯᠲᠠ ᠣᠯᠤᠭᠰᠠᠨ ᠴᠡᠷᠢᠭ ᠤᠨ ᠠᠯᠪᠠᠨ ᠠᠴᠠ ᠬᠠᠯᠠᠭᠳᠠᠭᠰᠠᠨ ᠪᠠᠶᠢᠯᠳᠤᠭᠴᠢᠳ ᠲᠤ ᠪᠠᠶᠠᠷ ᠬᠦᠷᠭᠡᠬᠦ ᠶᠢᠨ ᠬᠠᠮᠲᠤ ᠴᠡᠷᠢᠭ ᠤᠨ ᠠᠯᠪᠠᠨ ᠠᠴᠠ ᠬᠠᠯᠠᠭᠳᠠᠭᠰᠠᠨ ᠪᠠᠶᠢᠯᠳᠤᠭᠴᠢᠳ ᠤᠨ ᠰᠢᠨ᠎ᠡ ᠠᠵᠢᠯ ᠤᠨ ᠪᠠᠶᠢᠷᠢ ᠳᠤ ᠬᠦᠷᠦᠭᠰᠡᠨ ᠤ ᠳᠠᠷᠠᠭ᠎ᠠ᠂ ᠣᠷᠣᠨ ᠨᠤᠲᠤᠭ ᠤᠨ ᠠᠵᠢᠯ ᠠᠮᠢᠳᠤᠷᠠᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠴᠡᠷᠢᠭ ᠠᠩᠭᠢ ᠶᠢᠨ ᠰᠢᠯᠢᠳᠡᠭ ᠰᠤᠷᠲᠠᠯ ᠢ ᠨᠢᠭᠡᠴᠢ ᠳᠤ ᠬᠦᠷᠭᠡᠵᠦ ᠠᠵᠢᠯ ᠤᠨ ᠪᠠᠶᠢᠷᠢ ᠳᠠᠭᠠᠨ ᠠᠪᠠᠴᠢᠵᠤ᠂ ᠢᠦᠢ ᠴᠢᠤᠸᠠᠨ ᠲᠣᠭᠤᠷᠢᠭ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠦᠷᠭᠦᠯᠵᠢᠯᠡᠨ ᠰᠢᠨ᠎ᠡ ᠠᠵᠢᠯ ᠤᠨ ᠪᠠᠶᠢᠷᠢ ᠳᠡᠭᠡᠷ᠎ᠡ ᠬᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠬᠦᠰᠡᠪᠡ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号