ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/8/22
     ᠢᠦᠢ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠢᠦᠢ ᠴᠢᠤᠸᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠪᠣᠯᠤᠨ ᠡᠭᠦᠯᠡᠨ ᠳᠤᠮᠳᠠ ᠵᠠᠮ ᠤᠨ ᠠᠭᠤᠯᠵᠠᠷ ᠠᠴᠠ ᠪᠠᠷᠠᠭᠤᠨᠰᠢ 800 ᠮᠧᠲᠷ ᠤᠨ ᠵᠠᠮ ᠤᠨ ᠬᠤᠶᠢᠲᠤ ᠲᠠᠯ᠎ᠠ ︵ᠢᠦᠢ ᠴᠢᠤᠸᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠬᠦᠷᠢᠶᠡᠨ ᠳᠤ︶ ᠳᠤ ᠪᠠᠶᠢᠷᠢᠯᠠᠳᠠᠭ᠃ 1983 ᠣᠨ ᠳᠤ ᠪᠠᠶᠢᠭᠤᠯᠤᠭᠳᠠᠪᠠ᠃ ᠬᠠᠤᠯᠢ ᠴᠠᠭᠠᠵᠠ ᠶᠢᠨ ᠲᠣᠪᠴᠢᠶ᠎ᠠ ᠳᠤ ᠨᠡᠶᠢᠲᠡ 44 ᠺᠠᠳ᠋ᠷ ᠴᠠᠭᠳᠠᠭ᠎ᠠ ᠲᠠᠢ᠂ ᠡᠭᠦᠨ ᠳᠤ 10 ᠲᠠᠰᠤᠭ ᠲᠠᠢ᠄ ᠲᠣᠰ ᠲᠣᠰ ᠠᠯᠪᠠᠨ ᠬᠡᠷ᠂ ᠤᠯᠤᠰ ᠲᠥᠷᠥ ᠶᠢᠨ ᠠᠵᠢᠯ ᠤᠨ ᠲᠠᠰᠤᠭ᠂ ᠠᠷᠠᠳ ᠲᠦᠮᠡᠨ ᠤ ᠣᠷᠣᠯᠴᠠᠬᠤ ᠪᠠ ᠠᠬᠢᠭᠤᠯᠬᠤ ᠬᠠᠤᠯᠢ ᠲᠦᠷᠢᠮ ᠤᠨ ᠲᠠᠰᠤᠭ᠂ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠲᠠᠰᠤᠭ᠂ ᠬᠠᠤᠯᠢ ᠪᠠᠷ ᠵᠠᠰᠠᠬᠤ ᠶᠡᠷᠦᠩᠬᠡᠶᠢᠯᠡᠭᠰᠡᠨ ᠲᠠᠰᠤᠭ ︵ᠬᠠᠤᠯᠢ ᠪᠠᠷ ᠵᠠᠰᠠᠬᠤ ᠪᠠᠶᠢᠴᠠᠭᠠᠨ ᠰᠤᠳᠤᠯᠵᠤ ᠬᠢᠨᠠᠨ ᠪᠠᠶᠢᠴᠠᠭᠠᠬᠤ ᠲᠠᠰᠤᠭ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠬᠤ ᠲᠠᠰᠤᠭ ᠤᠨ ᠠᠵᠢᠯ ᠤᠨ ᠡᠭᠦᠷᠭᠡ ᠴᠢᠳᠠᠪᠤᠷᠢ ᠪᠠᠭᠲᠠᠨ᠎ᠠ︶᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠲᠠᠰᠤᠭ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠶᠡᠭᠡ ᠠᠩᠭᠢ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠲᠠᠰᠤᠭ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ  ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ ᠵᠡᠷᠭᠡ ᠪᠣᠯᠤᠨ᠎ᠠ᠃ ᠦᠨᠳᠦᠰᠦᠨ ᠱᠠᠲᠤᠨ ᠳᠤ ᠪᠠᠰᠠ ᠲᠣᠮᠢᠯᠠᠭᠰᠠᠨ ᠪᠠᠶᠢᠭᠤᠯᠤᠮᠵᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ 1᠂ ᠬᠠᠤᠯᠢ ᠴᠠᠭᠠᠵᠠ ᠶᠢᠨ ᠭᠠᠵᠠᠷ 9 ᠪᠣᠶ᠂ ᠡᠭᠦᠨ ᠤ ᠬᠠᠮᠲᠤ ᠮᠠᠨ ᠤ ᠲᠣᠪᠴᠢᠶ᠎ᠠ ᠳᠤ ᠳᠠᠩᠰᠠᠯᠠᠭᠤᠯᠤᠭᠰᠠᠨ ᠨᠢ 148 ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ 1᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ 5 ᠪᠣᠶ᠃    ᠨᠢᠭᠡ᠂ ᠭᠤᠣᠯ ᠡᠭᠦᠷᠭᠡ ᠴᠢᠳᠠᠮᠵᠢ      ᠮᠠᠨ ᠤ ᠲᠣᠪᠴᠢᠶ᠎ᠠ ᠶᠢᠨ ᠭᠤᠣᠯ ᠡᠭᠦᠷᠭᠡ ᠴᠢᠳᠠᠮᠵᠢ ᠪᠣᠯ ᠢᠦᠢ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠣᠨᠣᠯ ᠬᠢᠭᠡᠳ ᠦᠢᠯᠡᠳᠦᠯᠭᠡ ᠶᠢᠨ ᠰᠤᠳᠤᠯᠭᠠᠨ ᠤ ᠠᠵᠢᠯ ᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠪᠥᠬᠦ ᠲᠠᠯ᠎ᠠ ᠪᠠᠷ ᠬᠠᠤᠯᠢ ᠶᠣᠰᠣᠭᠠᠷ ᠲᠤᠭᠤᠷᠢᠭ ᠢᠶᠠᠨ ᠵᠠᠰᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠯᠥᠪᠯᠡᠭᠡ ᠪᠠ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠴᠢᠬᠤᠯᠠ ᠶᠡᠭᠡ ᠲᠤᠰᠬᠠᠶ ᠵᠦᠢᠯ ᠤᠨ ᠰᠢᠮᠳᠠᠭᠤᠯᠤᠨ ᠪᠠᠶᠢᠴᠠᠭᠠᠬᠤ ᠪᠠ ᠣᠨ ᠤ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ ᠰᠠᠨᠠᠯ ᠪᠠ ᠬᠠᠷᠢᠭᠤᠴᠠᠯᠭ᠎ᠠ ᠬᠡᠯᠡᠯᠴᠡᠬᠦ ᠰᠠᠨᠠᠭᠤᠯᠭ᠎ᠠ ᠶᠢ ᠳᠤᠷᠠᠳᠬᠤ ᠬᠡᠷᠡᠭᠲᠡᠶ︔ ᠪᠥᠬᠦ ᠲᠤᠭᠤᠷᠢᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠪᠥᠬᠦ ᠲᠤᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ  ᠦᠢᠯᠡᠴᠢᠯᠡᠭᠡᠨ ᠤ ᠰᠢᠰᠲ᠋ᠧᠮᠵᠢ ᠪᠠ ᠲᠠᠪᠴᠠᠩ ᠤᠨ ᠪᠠᠶᠢᠭᠤᠯᠤᠯᠲᠠ ᠶᠢ ᠲᠥᠯᠥᠪᠵᠢᠭᠦᠯᠬᠦ ᠪᠠ ᠳᠥᠯᠭᠢᠨ ᠠᠬᠢᠭᠤᠯᠬᠤ ᠠᠵᠢᠯ ᠢ ᠬᠠᠷᠢᠭᠤᠴᠠᠨ᠎ᠠ︔ ᠢᠦᠶ ᠴᠢᠤᠸᠠᠨ ᠲᠣᠭᠤᠷᠢᠭ ᠤᠨ ᠬᠠᠤᠯᠢ ᠲᠦᠷᠢᠮ ᠤᠨ ᠤᠬᠠᠭᠤᠯᠭ᠎ᠠ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠲᠤᠭᠤᠷᠢᠭ ᠤᠨ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠠᠵᠢᠯ ᠢ ᠵᠢᠯᠣᠭᠤᠳᠴᠤ᠂ ᠵᠣᠬᠢᠴᠠᠭᠤᠯᠵᠤ᠂ ᠪᠠᠶᠢᠴᠠᠭᠠᠵᠤ᠂ ᠬᠢᠨᠠᠯᠲᠠ ᠲᠠᠯᠪᠢᠨ᠎ᠠ︔ ᠠᠷᠠᠳ ᠤᠨ ᠡᠶᠡᠳᠡᠭᠦᠯᠭᠡ ︵ᠨᠡᠶᠢᠲᠡ ᠶᠢᠨ ᠡᠶᠡᠳᠡᠭᠦᠯᠭᠡ ᠶᠢ ᠵᠣᠯᠭᠠᠭᠤᠯᠬᠤ︶ ᠪᠠ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠵᠠᠰᠠᠬᠤ ᠶᠢ ᠡᠭᠦᠷᠭᠡᠯᠡᠵᠦ ᠪᠠᠶᠢᠨ᠎ᠠ︔ ᠡᠷᠡᠭᠦᠦ ᠶᠢᠨ ᠬᠡᠷᠡᠭ ᠢᠶᠠᠷ ᠰᠤᠯᠠᠯᠠᠭᠳᠠᠨ ᠰᠤᠯᠠᠯᠠᠭᠳᠠᠭᠰᠠᠳ ᠢ ᠲᠥᠪᠬᠢᠨᠡᠭᠦᠯᠦᠨ ᠬᠠᠪᠰᠤᠷᠤᠨ ᠰᠤᠷᠭᠠᠬᠤ ᠠᠵᠢᠯ ᠢ ᠵᠢᠯᠣᠭᠤᠳᠤᠨ᠎ᠠ︔ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠠᠵᠢᠯ ᠢ ᠬᠢᠨᠠᠵᠤ ᠬᠠᠮᠢᠶᠠᠷᠤᠨ᠎ᠠ︔ ᠨᠡᠶᠢᠭᠡᠮ ᠲᠣᠭᠤᠷᠢᠭ ᠤᠨ ᠵᠠᠰᠠᠮᠵᠢᠯᠠᠬᠤ ᠠᠵᠢᠯ ᠢ ᠵᠢᠯᠣᠭᠤᠳᠤᠨ᠎ᠠ︔ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠵᠢᠴᠢ ︽148︾ ᠬᠠᠤᠯᠢ ᠴᠠᠭᠠᠵᠠ ᠶᠢᠨ ᠬᠠᠯᠠᠭᠤᠨ ᠱᠤᠭᠤᠮ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠥᠷᠨᠢᠭᠦᠯᠪᠡ᠃ᠬᠤᠶᠠᠷ᠂ ᠳᠣᠲᠣᠭᠠᠳᠤ ᠪᠠᠶᠢᠭᠤᠯᠤᠮᠵᠢ      ᠢᠦᠶ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠣᠤᠷ᠎ᠠ 12 ᠲᠠᠰᠤᠭ ᠲᠠᠢ      1. ᠠᠯᠪᠠᠨ ᠭᠡᠷ      ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠨᠥᠬᠦᠪᠥᠷᠢ ᠶᠢᠨ ᠲᠤᠰᠬᠠᠶ ᠵᠣᠭᠤᠰ ᠢ ᠵᠦᠢ ᠵᠣᠬᠢᠰᠲᠠᠶ ᠵᠢᠷᠤᠮᠵᠢᠭᠤᠯᠤᠨ ᠬᠡᠷᠡᠭᠯᠡᠨ᠎ᠡ︔ ᠪᠦᠬᠦ ᠲᠠᠯ᠎ᠠ ᠶᠢᠨ ᠴᠠᠭᠳᠠᠭᠠᠨ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠣᠪᠴᠢᠶ᠎ᠠ ᠶᠢᠨ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠨᠠᠶᠢᠷᠠᠭᠤᠯᠬᠤ᠂ ᠪᠠᠷᠯᠠᠬᠤ᠂ ᠤᠯᠠᠭᠠᠨ ᠳᠠᠮᠯᠠᠬᠤ᠂ ᠳᠠᠷᠤᠮᠠᠯᠯᠠᠬᠤ ᠶᠢ ᠬᠠᠷᠢᠭᠤᠴᠠᠨ᠎ᠠ︔ ᠲᠣᠪᠴᠢᠶᠠᠨ ᠤ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠢᠴᠢ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃      2. ᠤᠯᠤᠰ ᠲᠥᠷᠥ ᠶᠢᠨ ᠠᠵᠢᠯ ᠤᠨ ᠲᠠᠰᠤᠭ      ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠺᠠᠳ᠋ᠷ ᠤᠨ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ ᠪᠠ ᠨᠠᠮ ᠤᠨ ᠰᠠᠬᠢᠯᠭ᠎ᠠ ᠪᠠᠲᠤ᠂ ᠵᠠᠰᠠᠭ ᠤᠨ ᠰᠠᠬᠢᠯᠭ᠎ᠠ ᠪᠠᠲᠤ ᠶᠢᠨ ᠬᠥᠮᠦᠵᠢᠯ ᠢ ᠦᠷᠨᠢᠭᠦᠯᠦᠨ᠎ᠡ︔ ᠪᠦᠬᠦ ᠲᠠᠯ᠎ᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠴᠤ᠂ ᠡᠷᠬᠡ ᠮᠡᠳᠡᠯ ᠤᠨ  ᠬᠡᠪᠴᠢᠶ᠎ᠡ ᠶᠣᠰᠣᠭᠠᠷ ᠲᠤᠪᠴᠢᠶ᠎ᠠ ᠶᠢᠨ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠢ ᠶᠢᠨ ᠺᠠᠳ᠋ᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠠᠮᠢᠶᠠᠷᠤᠯᠲᠠ ᠶᠢᠨ ᠲᠣᠪᠴᠢᠶᠠᠨ ᠤ ᠪᠠᠶᠢᠭᠤᠯᠭ᠎ᠠ ᠶᠢ ᠬᠠᠷᠢᠭᠤᠴᠠᠬᠤ ᠶᠢᠨ ᠬᠠᠮᠲᠤ ᠬᠠᠷᠢᠶ᠎ᠠ ᠨᠢᠭᠡᠴᠢ ᠶᠢᠨ ᠢᠶᠠᠨ ᠣᠷᠣᠨ ᠲᠤᠭ᠎ᠠ ᠵᠡᠷᠭᠡ ᠠᠵᠢᠯ ᠢ ᠵᠢᠯᠣᠭᠤᠳᠤᠨ᠎ᠠ︔ ᠪᠦᠬᠦ ᠲᠠᠯ᠎ᠠ ᠶᠢᠨ ᠵᠣᠬᠢᠶᠠᠨ ᠪᠠᠶᠢᠭᠤᠯᠤᠯᠲᠠ ᠶᠢᠨ ᠰᠤᠷᠲᠠᠯ ᠤᠬᠠᠭᠤᠯᠭ᠎ᠠ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠬᠠᠷᠢᠭᠤᠴᠠᠨ᠎ᠠ︔ ᠪᠦᠬᠦ ᠲᠠᠯ᠎ᠠ ᠶᠢᠨ ᠠᠵᠢᠯᠲᠠᠨ ᠤ ᠤᠯᠤᠰ ᠲᠥᠷᠥ ᠶᠢᠨ ᠣᠨᠣᠯ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ︔ ᠰᠢᠯᠢᠳᠡᠭ ᠢ ᠰᠢᠯᠭᠠᠷᠠᠭᠤᠯᠵᠤ ᠲᠡᠷᠢᠭᠦᠨ ᠤ ᠬᠢ ᠶᠢ ᠡᠭᠦᠳᠬᠦ᠂ ᠬᠥᠬᠢᠭᠦᠯᠦᠨ ᠱᠠᠩᠨᠠᠬᠤ ᠠᠵᠢᠯ ᠢ ᠡᠭᠦᠷᠭᠡᠯᠡᠨ᠎ᠡ︔ ᠭᠠᠳᠠᠭᠠᠳᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃      3. ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ      ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠯ᠎ᠡ ᠵᠦᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︔ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠡᠯ᠎ᠡ ᠵᠦᠢᠯ ᠤᠨ ᠠᠵᠢᠯ ᠤᠨ ᠲᠦᠷᠢᠮ ᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠨᠠᠶᠢᠳᠠᠪᠤᠷᠢᠵᠢᠭᠤᠯᠤᠨ᠎ᠠ︔ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠳᠣᠲᠣᠭᠠᠳᠤ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠺᠠᠳ᠋ᠷ ᠴᠠᠭᠳᠠᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠳᠠᠨ ᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ ᠪᠠᠶᠢᠭ᠎ᠠ ᠪᠠᠶᠢᠳᠠᠯ ᠢ ᠬᠢᠨᠠᠵᠤ ᠪᠠᠶᠢᠴᠠᠭᠠᠨ᠎ᠠ︔ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠨ᠂ ᠺᠠᠳ᠋ᠷ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠳᠤ ᠬᠠᠮᠵᠢᠯᠴᠠᠨ᠎ᠠ᠃      4. ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠬᠠᠮᠢᠶᠠᠷᠤᠯᠲᠠ ᠶᠢᠨ ᠲᠠᠰᠤᠭ      ᠪᠥᠬᠦ ᠲᠤᠭᠤᠷᠢᠭ ᠤᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ︔ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠡᠷᠡᠭᠦᠦ  ᠰᠢᠢᠳᠭᠡᠯ ᠢ ᠭᠦᠢᠴᠡᠳᠬᠡᠬᠦ ᠶᠢ ᠵᠢᠭᠠᠨ ᠵᠢᠯᠣᠭᠤᠳᠴᠤ᠂ ᠲᠡᠭᠦᠨ ᠳᠤ ᠬᠢᠨᠠᠯᠲᠠ ᠲᠠᠯᠪᠢᠵᠤ᠂ ᠰᠤᠷᠭᠠᠨ ᠬᠥᠮᠦᠵᠢᠭᠦᠯᠬᠦ ᠪᠠ ᠬᠠᠪᠰᠤᠷᠤᠨ ᠲᠡᠳᠬᠦᠬᠦ ᠠᠵᠢᠯ ᠢ ᠬᠠᠮᠢᠶᠠᠷᠤᠨ᠎ᠠ︔ ᠨᠡᠶᠢᠭᠡᠮ ᠤᠨ ᠬᠦᠴᠦᠨ ᠪᠠ ᠰᠠᠶᠢᠨ ᠳᠤᠷ᠎ᠠ ᠶᠢᠨ ᠠᠵᠢᠯᠯᠠᠭᠴᠢ ᠶᠢ ᠵᠢᠯᠣᠭᠤᠳᠤᠨ ᠨᠡᠶᠢᠭᠡᠮ ᠲᠣᠭᠤᠷᠢᠭ ᠤᠨ ᠵᠠᠰᠠᠮᠵᠢᠯᠠᠬᠤ ᠠᠵᠢᠯ ᠳᠤ ᠣᠷᠣᠯᠴᠠᠭᠤᠯᠤᠨ᠎ᠠ︔      5. ᠠᠷᠠᠳ ᠲᠦᠮᠡᠨ ᠬᠠᠤᠯᠢ ᠳᠦᠷᠢᠮ ᠳᠤ ᠣᠷᠣᠯᠴᠠᠬᠤ ᠪᠠ ᠠᠬᠢᠭᠤᠯᠬᠤ ᠲᠠᠰᠤᠭ      ᠪᠥᠬᠦ ᠲᠤᠭᠤᠷᠢᠭ ᠤᠨ ᠠᠷᠠᠳ ᠣᠯᠠᠨ ᠤ ᠬᠠᠥᠯᠢᠵᠢᠯ ᠤᠨ ᠪᠠᠶᠢᠭᠤᠯᠤᠯᠲᠠ ᠳᠤ ᠣᠷᠣᠯᠴᠠᠬᠤ᠂ ᠠᠬᠢᠭᠤᠯᠬᠤ᠂ ᠬᠢᠨᠠᠯᠲᠠ ᠲᠠᠯᠪᠢᠬᠤ ᠲᠦᠷᠢᠮ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ︔ ᠠᠷᠠᠳ ᠤᠨ ᠪᠦᠯᠬᠦᠮ᠂ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠠᠵᠢᠯ ᠳᠤ ᠣᠷᠣᠯᠴᠠᠬᠤ ᠪᠠ ᠲᠡᠭᠦᠨ ᠢ ᠳᠡᠮᠵᠢᠬᠦ ᠶᠢ ᠵᠢᠯᠣᠭᠤᠳᠤᠨ᠎ᠠ︔ ᠪᠥᠬᠦ  ᠲᠤᠭᠤᠷᠢᠭ ᠤᠨ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠤᠨ᠎ᠠ︔ ᠪᠥᠬᠦ ᠲᠤᠭᠤᠷᠢᠭ ᠤᠨ ᠠᠷᠠᠳ ᠤᠨ ᠡᠶᠡᠳᠡᠭᠦᠯᠬᠦ᠂ ᠵᠠᠰᠠᠭ ᠵᠠᠬᠢᠷᠭᠠᠨ ᠤ ᠡᠶᠡᠳᠡᠭᠦᠯᠬᠦ ᠪᠠ ᠠᠵᠢᠯ ᠲᠥᠷᠥᠯ ᠤᠨ ᠴᠢᠨᠠᠷᠲᠠᠶ ᠲᠤᠰᠬᠠᠶ ᠮᠡᠷᠭᠡᠵᠢᠯ ᠤᠨ ᠴᠢᠨᠠᠷᠲᠠᠶ ᠡᠶᠡᠳᠡᠭᠦᠯᠬᠦ ᠠᠵᠢᠯ ᠢ ᠵᠢᠯᠣᠭᠤᠳᠤᠨ᠎ᠠ︔ ᠪᠥᠬᠦ ᠲᠤᠭᠤᠷᠢᠭ ᠤᠨ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ ᠪᠠᠶᠢᠭᠠᠳ ᠪᠥᠬᠦ ᠲᠤᠭᠤᠷᠢᠭ ᠤᠨ ᠬᠠᠪᠰᠤᠷᠤᠨ ᠬᠥᠮᠦᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃      6.ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠲᠠᠰᠤᠭ      ᠪᠥᠬᠦ ᠲᠤᠭᠤᠷᠢᠭ ᠤᠨ ᠬᠠᠤᠯᠢ ᠲᠥᠷᠢᠮ ᠤᠨ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠵᠤ᠂ ᠠᠷᠠᠳ ᠨᠡᠶᠢᠲᠡ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠲᠦᠯᠬᠢᠨ ᠠᠬᠢᠭᠤᠯᠤᠨ᠎ᠠ︔ ᠪᠥᠬᠦ ᠲᠤᠭᠤᠷᠢᠭ ᠤᠨ ᠲᠥᠷᠥ ᠶᠢᠨ ᠠᠵᠢᠯᠲᠠᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠡᠯ᠎ᠡ ᠵᠡᠭᠡᠯᠢ ᠭᠤᠳᠤᠮᠵᠢ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ ᠤᠨ ᠬᠠᠤᠯᠢ ᠶᠣᠰᠣᠭᠠᠷ ᠵᠠᠰᠠᠬᠤ ᠪᠠ ᠬᠠᠥᠯᠢᠵᠢᠯ ᠤᠨ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠨᠡᠶᠢᠭᠡᠮ ᠵᠢᠷᠤᠮ ᠤᠨ ᠬᠠᠥᠯᠢᠵᠢᠯ ᠤᠨ ᠰᠣᠶᠣᠯ ᠤᠨ ᠪᠠᠶᠢᠭᠤᠯᠤᠯᠲᠠ ᠶᠢᠨ ᠠᠵᠢᠯ ᠢ ᠵᠢᠯᠤᠭᠤᠳᠤᠨ᠎ᠠ᠃      7.ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ      ᠪᠥᠬᠦ ᠲᠤᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠪᠠ ᠲᠠᠪᠴᠠᠩ ᠤᠨ ᠪᠠᠶᠢᠭᠤᠯᠤᠯᠲᠠ ᠶᠢ ᠲᠥᠯᠥᠪᠵᠢᠭᠦᠯᠬᠦ ᠪᠠ ᠳᠥᠯᠭᠢᠨ ᠠᠬᠢᠭᠤᠯᠬᠤ ᠠᠵᠢᠯ ᠢ ᠬᠠᠷᠢᠭᠤᠴᠠᠨ᠎ᠠ︔ ᠪᠥᠬᠦ ᠲᠤᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢᠴᠢ ᠶᠢᠨ ᠠᠵᠢᠯ ᠢ ᠵᠢᠯᠣᠭᠤᠳᠬᠤ᠂ ᠬᠠᠮᠢᠶᠠᠷᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠵᠢᠯᠤᠭᠤᠳᠤᠨ᠎ᠠ︔ ᠠᠯᠪᠠᠨ ᠲᠤᠰᠢᠶᠠᠯᠲᠤ ᠬᠠᠤᠯᠢᠴᠢ᠂ ᠺᠣᠮᠫᠠᠨᠢ ᠶᠢᠨ ᠬᠠᠤᠯᠢᠴᠢ ᠶᠢᠨ ᠠᠵᠢᠯ ᠢ ᠵᠢᠯᠣᠭᠤᠳᠤᠨ᠎ᠠ᠃      8. ᠵᠠᠰᠠᠭ ᠵᠠᠬᠢᠷᠭᠠᠨ ᠤ ᠳᠠᠬᠢᠨ ᠵᠦᠪᠯᠡᠬᠦ ᠪᠠ ᠵᠠᠷᠭᠤ ᠬᠦᠯᠢᠶᠡᠬᠦ ᠲᠠᠰᠤᠭ      ᠪᠥᠬᠦ ᠲᠤᠭᠤᠷᠢᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠬᠠᠷᠢᠭᠤᠴᠠᠨ ᠰᠢᠢᠳᠪᠦᠷᠢᠯᠡᠨ᠎ᠡ︔ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠪᠠ ᠣᠨᠳᠣᠤ ᠰᠠᠨᠠᠯ ᠲᠠᠢ ᠭᠤᠶᠤᠴᠢᠯᠠᠬᠤ ᠠᠵᠢᠯ ᠢ ᠬᠠᠷᠢᠭᠤᠴᠠᠨ᠎ᠠ︔ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠢᠦᠶ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ ᠶᠢ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      9. ᠬᠠᠤᠯᠢ ᠶᠤᠰᠤᠭᠠᠷ ᠲᠤᠭᠤᠷᠢᠭ ᠢᠶᠠᠨ ᠵᠠᠰᠠᠬᠤ ᠨᠠᠷᠢᠨ ᠪᠢᠴᠢᠭᠡᠴᠢ ᠶᠢᠨ ᠲᠠᠰᠤᠭ      ᠲᠤᠭᠤᠷᠢᠭ ᠤᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠲᠤᠭᠤᠷᠢᠭ ᠢᠶᠠᠨ ᠵᠠᠰᠠᠬᠤ ᠵᠥᠪᠯᠡᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠠᠤᠯᠢ ᠶᠣᠰᠣᠭᠠᠷ ᠲᠤᠭᠤᠷᠢᠭ ᠢᠶᠠᠨ ᠵᠠᠰᠠᠬᠤ ᠶᠢᠨ ᠵᠣᠬᠢᠴᠠᠭᠤᠯᠬᠤ ᠠᠵᠢᠯ ᠢ ᠳᠠᠭᠠᠭᠠᠨ ᠭᠦᠢᠴᠡᠳᠭᠡᠨ᠎ᠡ᠃      10. ᠬᠠᠥᠯᠢᠵᠢᠯ ᠤᠨ ᠪᠠᠶᠢᠴᠠᠭᠠᠨ ᠰᠤᠳᠤᠯᠵᠤ ᠬᠢᠨᠠᠨ ᠪᠠᠶᠢᠴᠠᠭᠠᠬᠤ ᠲᠠᠰᠤᠭ ᠤᠨ ᠡᠭᠦᠷᠭᠡ ᠴᠢᠳᠠᠪᠤᠷᠢ      ᠪᠥᠬᠦ ᠲᠠᠯ᠎ᠠ ᠪᠠᠷ ᠬᠠᠤᠯᠢ ᠶᠤᠰᠤᠭᠠᠷ ᠲᠤᠭᠤᠷᠢᠭ ᠢᠶᠠᠨ ᠵᠠᠰᠠᠬᠤ ᠣᠨᠣᠯ ᠬᠢᠭᠡᠳ  ᠦᠢᠯᠡᠳᠦᠯᠭᠡ ᠶᠢᠨ ᠰᠤᠳᠤᠯᠭᠠᠨ ᠤ ᠠᠵᠢᠯ ᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠪᠥᠬᠦ ᠲᠠᠯ᠎ᠠ ᠪᠠᠷ ᠬᠠᠤᠯᠢ ᠶᠤᠰᠤᠭᠠᠷ ᠲᠤᠭᠤᠷᠢᠭ ᠢᠶᠠᠨ ᠵᠠᠰᠠᠬᠤ ᠠᠵᠢᠯ ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢᠨ ᠵᠣᠬᠢᠴᠠᠭᠤᠯᠬᠤ ᠠᠵᠢᠯ ᠢ ᠳᠠᠭᠠᠭᠠᠨ  ᠭᠦᠢᠴᠡᠳᠭᠡᠨ᠎ᠡ︔ ᠪᠥᠬᠦ ᠲᠠᠯ᠎ᠠ ᠪᠠᠷ ᠬᠠᠤᠯᠢ ᠶᠤᠰᠤᠭᠠᠷ ᠲᠤᠭᠤᠷᠢᠭ ᠢᠶᠠᠨ ᠵᠠᠰᠠᠬᠤ ᠬᠠᠮᠢᠶ᠎ᠠ ᠪᠥᠬᠦᠶ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠬᠤ ᠶᠢ ᠬᠠᠷᠢᠭᠤᠴᠠᠨ᠎ᠠ︔ ᠬᠠᠥᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ ᠰᠠᠨᠠᠯ ᠪᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ︔ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ᠂ ᠴᠢᠬᠤᠯᠠ ᠶᠡᠭᠡ ᠲᠦᠷᠦ ᠶᠢᠨ ᠪᠤᠳᠤᠯᠭ᠎ᠠ ᠲᠤᠭᠲᠠᠭᠠᠬᠤ ᠶᠢ ᠬᠠᠷᠢᠭᠤᠴᠠᠨ᠎ᠠ︔ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠥᠭᠡᠷᠡᠴᠢᠯᠡᠯᠲᠡ ᠪᠠ ᠰᠤᠳᠤᠯᠭᠠᠨ ᠤ ᠠᠵᠢᠯ ᠢ ᠲᠦᠯᠬᠢᠨ ᠠᠬᠢᠭᠤᠯᠬᠤ ᠶᠢ ᠬᠠᠷᠢᠭᠤᠴᠠᠨ᠎ᠠ︔ ᠪᠥᠬᠦ ᠲᠠᠯ᠎ᠠ ᠪᠠᠷ ᠬᠠᠤᠯᠢ ᠶᠤᠰᠤᠭᠠᠷ ᠲᠤᠭᠤᠷᠢᠭ ᠢᠶᠠᠨ ᠵᠠᠰᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠯᠥᠪᠯᠡᠭᠡ ᠪᠠ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢ ᠲᠣᠭᠲᠠᠭᠠᠬᠤ ᠶᠢ ᠬᠠᠷᠢᠭᠤᠴᠠᠵᠤ᠂ ᠴᠢᠬᠤᠯᠠ ᠶᠡᠭᠡ ᠲᠤᠰᠬᠠᠶ ᠵᠦᠢᠯ ᠤᠨ ᠰᠢᠮᠳᠠᠭᠤᠯᠤᠨ ᠪᠠᠶᠢᠴᠠᠭᠠᠬᠤ ᠪᠠ ᠣᠨ ᠤ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ ᠰᠠᠨᠠᠯ ᠪᠠ ᠬᠠᠷᠢᠭᠤᠴᠠᠯᠭ᠎ᠠ ᠬᠡᠯᠡᠯᠴᠡᠬᠦ ᠰᠠᠨᠠᠭᠤᠯᠭ᠎ᠠ ᠶᠢ ᠳᠤᠷᠠᠳᠤᠨ᠎ᠠ︔ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠡᠯ᠎ᠡ ᠰᠠᠯᠠᠭ᠎ᠠ ᠮᠥᠴᠢᠷ ᠤᠨ ᠬᠠᠥᠯᠢᠵᠢᠯ ᠤᠨ ᠠᠵᠢᠯ ᠤᠨ ᠴᠢᠬᠤᠯᠠ ᠲᠣᠭᠲᠠᠭᠠᠯ ᠪᠠ ᠲᠥᠰᠦᠯ ᠤᠨ ᠳᠠᠩᠰᠠᠯᠠᠯᠲᠠ ᠶᠢ ᠬᠦᠯᠢᠶᠡᠨ ᠠᠪᠤᠨ᠎ᠠ᠃      11.ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠬᠤ ᠲᠠᠰᠤᠭ      ᠪᠥᠬᠦ ᠲᠤᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠵᠢᠴᠢ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠦᠭᠡᠮᠡᠯ ᠴᠢᠨᠠᠷᠲᠠᠶ ᠴᠢᠬᠤᠯᠠ ᠴᠢᠨᠠᠷ ᠤᠨ ᠠᠰᠠᠭᠤᠳᠠᠯ ᠢ ᠵᠤᠬᠢᠴᠠᠭᠤᠯᠤᠨ᠎ᠠ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠤ ᠬᠢᠷᠢ ᠬᠡᠮ ᠢ ᠬᠢᠨᠠᠨ ᠬᠠᠷᠭᠤᠭᠤᠯᠬᠤ ᠪᠠ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠠᠷᠢᠭᠤᠴᠠᠨ᠎ᠠ︔ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠬᠠᠤᠯᠢ ᠪᠠᠷ ᠵᠠᠰᠠᠬᠤ ᠶᠢ ᠵᠣᠬᠢᠴᠠᠭᠤᠯᠬᠤ ᠠᠵᠢᠯ ᠢ ᠬᠠᠷᠢᠭᠤᠴᠠᠨ᠎ᠠ᠃      12. ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠲᠠᠰᠤᠭ      ᠪᠥᠬᠦ ᠲᠤᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠥᠬᠦ ᠲᠤᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠵᠥᠭᠡᠯᠡᠨ ᠲᠣᠨᠤᠭ ᠢ ᠲᠡᠭᠰᠢᠯᠡᠨ ᠨᠡᠶᠢᠯᠡᠭᠦᠯᠬᠦ ᠵᠢᠷᠤᠭ ᠲᠥᠯᠥᠪᠯᠡᠭᠡ᠂ ᠰᠤᠳᠤᠯᠤᠨ ᠨᠡᠭᠡᠭᠡᠬᠦ᠂ ᠪᠥᠲᠥᠭᠡᠨ ᠪᠠᠶᠢᠭᠤᠯᠬᠤ᠂ ᠬᠡᠷᠡᠭᠯᠡᠬᠦ ᠪᠠ ᠬᠠᠮᠠᠭᠠᠯᠠᠬᠤ ᠠᠵᠢᠯ ᠢ ᠵᠢᠯᠣᠭᠤᠳᠤᠨ᠎ᠠ︔ ᠪᠥᠬᠦ ᠲᠤᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠵᠢᠯᠣᠭᠤᠳᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠪᠠ ᠶᠡᠷᠦᠩᠬᠡᠶᠢᠯᠡᠨ ᠵᠣᠬᠢᠴᠠᠭᠤᠯᠤᠨ ᠳᠣᠭᠢᠷᠠᠭᠤᠯᠬᠤ ᠠᠵᠢᠯ ᠢ ᠡᠭᠦᠷᠭᠡᠯᠡᠨ᠎ᠡ︔ ᠬᠠᠤᠯᠢ ᠴᠠᠭᠠᠵᠠ ᠶᠢᠨ ᠭᠠᠵᠠᠷ ᠤᠨ ᠠᠮᠤᠷ ᠲᠦᠪᠰᠢᠨ ᠤ ᠰᠡᠷᠭᠡᠶᠢᠯᠡᠯᠲᠡ ᠪᠠ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃          ᠠᠵᠢᠯᠯᠠᠬᠤ ᠬᠠᠶ᠋ᠢᠭ᠄ ᠡᠮᠦᠨ᠎ᠡ ᠬᠤᠶᠠᠳᠤᠭᠠᠷ ᠲᠣᠭᠤᠷᠢᠯ ᠵᠠᠮ ᠪᠣᠯᠤᠨ ᠡᠭᠦᠯᠡᠨ ᠳᠤᠮᠳᠠ ᠵᠠᠮ ᠤᠨ ᠠᠭᠤᠯᠵᠠᠷ ᠠᠴᠠ ᠪᠠᠷᠠᠭᠤᠨᠰᠢ 800 ᠮᠧᠲᠷ      ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471— 6235537      ᠬᠠᠷᠢᠭᠤᠴᠠᠯᠭ᠎ᠠ ᠡᠭᠦᠷᠭᠡᠯᠡᠭᠴᠢ᠄ ᠼᠦᠢ ᠵᠢᠩ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号