ᠤᠷᠠᠯᠢᠭ ᠢᠶᠠᠷ ᠬᠥᠮᠦᠨ ᠤ ᠰᠡᠳᠭᠢᠯ ᠢ ᠳᠤᠯᠠᠭᠠᠴᠠᠭᠤᠯᠵᠤ᠂ ᠨᠠᠶᠢᠷᠠᠯ ᠳᠠᠭᠤᠤ ᠪᠠᠷ ᠬᠦᠴᠦᠨ ᠢ | ᠨᠢᠭᠲᠠᠷᠠᠭᠤᠯᠤᠨ᠎ᠠ᠃ ᠤᠶᠢᠷ᠎ᠠ ᠶᠢᠨ ᠡᠳᠦᠷ᠂ 2024 ᠣᠨ ᠤ ᠬᠥᠬᠡᠬᠤᠲᠠ ᠶᠢᠨ ᠤᠯᠠᠨ ᠲᠦᠮᠡᠨᠴᠢ ᠴᠢᠨᠠᠷᠲᠠᠢ | ᠳᠠᠭᠤᠤ ᠶᠢᠨ ᠤᠷᠤᠯᠳᠤᠭᠠᠨ ᠤ ᠢᠦᠢ ᠴᠢᠤᠸᠠᠨ ᠲᠣᠭᠤᠷᠢᠭ ᠤᠨ ᠦᠵᠡᠭᠦᠯᠦᠯᠭᠡ ᠶᠢᠨ ᠲᠤᠭᠯᠠᠯᠲᠠ ᠶᠢᠨ ᠭᠤᠷᠪᠠᠳᠤᠭᠠᠷ | ᠲᠠᠯᠠᠪᠠᠢ ᠳ᠋ᠠ ᠱᠧᠩ ᠺᠦᠢ ᠮᠦᠽᠧᠢ ᠶᠢᠨ ᠪᠦᠯᠦᠭᠵᠢᠯ ᠳᠤ ᠲᠡᠭᠦᠰ ᠠᠮᠵᠢᠯᠲᠠ ᠲᠠᠢ ᠥᠨᠳᠥᠷᠯᠡᠪᠡ᠃ | | | | | ᠢᠦᠶ ᠴᠢᠤᠸᠠᠨ ᠲᠣᠭᠤᠷᠢᠭ ᠤᠨ ᠦᠷᠭᠦᠯᠵᠢᠯᠡᠨ ᠥᠷᠨᠢᠭᠦᠯᠦᠭᠰᠡᠨ ᠬᠤᠲᠠ ᠶᠢᠨ ᠠᠷᠠᠳ ᠤᠨ ᠰᠢᠷᠢᠰ | ᠰᠣᠶᠣᠯ ᠤᠨ ᠠᠵᠢᠯᠯᠠᠭ᠎ᠠ ᠪᠣᠯᠤᠭᠰᠠᠨ ᠤ ᠬᠤᠪᠢ ᠳᠤ᠂ ᠢᠦᠢ ᠴᠢᠤᠸᠠᠨ ᠲᠣᠭᠤᠷᠢᠭ ᠨᠢ ᠥᠷᠭᠡᠨ ᠣᠯᠠᠨ ᠤᠳᠬ᠎ᠠ | ᠤᠷᠠᠯᠢᠭ ᠤᠨ ᠳᠤᠷ᠎ᠠ ᠪᠠᠭ᠋ᠠᠴᠤᠳ ᠲᠤ ᠨᠠᠶᠢᠷᠠᠯ ᠳᠠᠭᠤᠤ ᠶᠢᠨ ᠰᠣᠯᠢᠯᠴᠠᠭᠠᠨ ᠤ ᠦᠵᠡᠭᠦᠯᠦᠯᠭᠡ ᠶᠢᠨ ᠲᠠᠪᠴᠠᠩ | ᠬᠠᠩᠭᠠᠵᠤ᠂ ᠤᠷᠠᠯᠢᠭ ᠤᠨ ᠬᠠᠷᠠᠭ᠎ᠠ ᠪᠠᠨ ᠥᠷᠭᠡᠳᠬᠡᠨ᠂ ᠴᠢᠭᠯᠡᠯ ᠢ ᠲᠣᠳᠣᠷᠬᠠᠶ ᠵᠢᠭᠠᠨ ᠥᠭᠴᠦ᠂ ᠣᠯᠠᠨ | ᠲᠦᠮᠡᠨ ᠤ ᠠᠵᠢᠯᠯᠠᠭ᠎ᠠ ᠳᠤ ᠦᠷᠭᠦᠯᠵᠢᠯᠡᠨ ᠣᠷᠣᠯᠴᠠᠬᠤ ᠡᠬᠢ ᠪᠤᠯᠠᠭ ᠪᠠ ᠬᠥᠳᠡᠯᠭᠡᠬᠦ ᠬᠦᠴᠦᠨ ᠢ ᠬᠥᠭᠵᠢᠭᠡᠵᠦ᠂ | ᠣᠯᠠᠨ ᠲᠦᠮᠡᠨ ᠤ ᠨᠠᠶᠢᠷᠠᠯ ᠳᠠᠭᠤᠤ ᠶᠢᠨ ᠤᠷᠠᠯᠢᠭ ᠤᠨ ᠬᠥᠭᠵᠢᠯᠲᠡ ᠳᠤ ᠰᠠᠶᠢᠨ ᠰᠠᠶᠢᠬᠠᠨ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠪᠡ᠃ ᠭᠤᠷᠪᠠᠳᠤᠭᠠᠷ ᠲᠠᠯᠠᠪᠤᠷ ᠤᠷᠤᠯᠳᠤᠭᠠᠨ ᠳᠤ ᠠᠳᠠᠯᠢ ᠳᠠᠭᠤᠤ᠂ | ᠬᠤᠯᠢᠯᠴᠠᠭ᠎ᠠ ᠳᠠᠭᠤᠨ ᠤ ᠬᠡᠯᠪᠡᠷᠢ ᠪᠠᠷ 10 ᠨᠠᠶᠢᠷᠠᠯ ᠳᠠᠭᠤᠤ ᠳᠠᠭᠤᠯᠠᠪᠠ᠃ | | | | | ᠲᠣᠭᠯᠠᠯᠲᠠ ᠨᠢ ᠢᠦᠢ ᠴᠢᠤᠸᠠᠨ ᠲᠣᠭᠤᠷᠢᠭ ᠤᠨ ᠤᠯᠠᠭᠠᠨᠮᠥ᠋ᠴᠢᠷ ᠤᠨ ᠲᠣᠭᠯᠠᠭᠴᠢ ᠠᠴᠠ ᠰᠣᠩᠭᠤᠳᠠᠭ | ᠮᠣᠷᠢᠨ ᠬᠤᠭᠤᠷ ᠤᠨ ᠬᠥᠭᠵᠢᠮ ᠤᠨ ᠬᠤᠤᠰᠯᠠᠯ ᠬᠦᠭᠵᠢᠮ ︽ᠢᠯᠠᠯᠲᠠ ᠶᠢᠨ ᠡᠷᠭᠦᠯᠲᠡ︾ ᠶᠢ ᠠᠪᠴᠢᠷᠠᠵᠤ᠂ | ᠬᠦᠷᠡᠩ ᠭᠤᠤᠯᠲᠤ ᠪᠤᠷᠤ ᠨᠠᠶᠢᠷᠠᠯ ᠳᠠᠭᠤᠤ ᠶᠢᠨ ᠪᠦᠯᠬᠦᠮ ᠢᠷᠠᠭᠤ ᠰᠠᠶᠢᠬᠠᠨ ︽ᠦᠳᠡᠰᠢ ᠶᠢᠨ ᠤᠯᠠᠭᠠᠨ ᠨᠠᠷᠠ︾᠂ | ︽ᠠᠯᠲᠠᠨ ᠣᠷᠬᠢᠴᠠ ᠪᠠ ᠮᠥᠩᠭᠦᠨ ᠣᠷᠬᠢᠴᠠ︾ ᠶᠢ ᠲᠣᠭᠯᠠᠵᠤ᠂ ᠣᠯᠠᠨ ᠤᠷᠠᠯᠢᠭ ᠤᠨ ᠣᠳᠣᠨ ᠤᠷᠠᠯᠢᠭ ᠤᠨ | ᠪᠦᠯᠬᠦᠮ ᠬᠥᠷ ᠬᠥᠭᠵᠢᠶᠡᠨ ᠢᠶᠠᠷ ᠪᠢᠯᠬᠠᠭᠰᠠᠨ ︽ᠡᠬᠡ ᠤᠯᠤᠰ ᠮᠠᠷᠲᠠᠬᠤ ᠦᠭᠡᠢ︾᠂ ︽ᠲᠡᠷᠡ ᠨᠢᠭᠡ ᠡᠳᠦᠷ | ᠬᠦᠷᠴᠦ ᠢᠷᠡᠬᠦ ᠳᠤ︾ ᠢ ᠠᠪᠴᠢᠷᠠᠵᠤ᠂ ᠨᠡᠷᠡᠨ ᠤ ᠭᠡᠷᠡᠯ ᠨᠠᠶᠢᠷᠠᠯ ᠳᠠᠭᠤᠤ ᠶᠢᠨ ᠪᠦᠯᠬᠦᠮ ᠬᠠᠶᠢᠷ᠎ᠠ ᠰᠡᠳᠬᠢᠯᠭᠡ ᠪᠠᠷ | ᠪᠢᠯᠬᠠᠭᠰᠠᠨ ︽ᠡᠵᠢ ᠨᠠᠳᠠ ᠳᠤ ᠨᠢᠭᠡ ᠳᠠᠭᠤᠤ ᠵᠢᠭᠠᠭᠰᠠᠨ ᠨᠢ︾᠂ ︽ᠮᠦᠷᠦᠭᠡᠳᠦᠨ ᠰᠠᠨᠠᠬᠤ︾ ᠶᠢ ᠳᠠᠭᠤᠯᠠᠵᠤ᠂ | ᠺᠠᠩ ᠯᠧ ᠶᠧᠦ ᠸᠧᠢ ᠨᠠᠶᠢᠷᠠᠯ ᠳᠠᠭᠤᠤ ᠶᠢᠨ ᠪᠦᠯᠬᠦᠮ ᠰᠦᠷ ᠳᠠᠯᠠᠶᠢᠴᠠᠲᠠᠶ ︽ᡂᠢ ᠱᠦᠢ ᠶᠢ ᠳᠦᠷᠪᠠᠨᠲᠡ | ᠭᠠᠲᠤᠯᠠᠭᠰᠠᠨ ᠨᠢ︾᠂ ︽ᠤᠷᠳᠤ ᠵᠠᠮ ᠤᠨ ᠠᠶᠠᠨ ᠲᠠᠶᠢᠨ︾ ᠢ ᠳᠠᠭᠤᠯᠠᠵᠤ᠂ ᠠᠬᠠᠮᠠᠳ ᠳᠠᠶᠢᠴᠢᠨ ᠨᠥᠬᠦᠳ ᠤᠨ | ᠨᠠᠶᠢᠷᠠᠯ ᠳᠠᠭᠤᠤ ᠶᠢᠨ ᠪᠦᠯᠬᠦᠮ ︽ᠮᠠᠯᠴᠢᠳ ᠡᠪ ᠬᠠᠮᠲᠤ ᠨᠠᠮ ᠢᠶᠠᠨ ᠮᠠᠭᠲᠠᠨ ᠳᠠᠭᠤᠯᠠᠶ᠎ᠠ︾᠂ ︽ᠪᠢ ᠡᠬᠡ | ᠤᠯᠤᠰ ᠲᠠᠢ ᠪᠠᠨ︾ ᠭᠡᠬᠦ ᠳᠠᠭᠤᠤ ᠶᠢ ᠭᠦᠨ ᠰᠡᠳᠬᠢᠯᠭᠡ ᠲᠠᠢ ᠪᠠᠷ ᠳᠠᠭᠤᠯᠠᠵᠤ᠂ ᠲᠤᠬᠠᠶ ᠶᠢᠨ ᠲᠠᠯᠠᠪᠠᠢ ᠶᠢᠨ ᠮᠠᠰᠢ | ᠣᠯᠠᠨ ᠬᠤᠲᠠ ᠶᠢᠨ ᠠᠷᠠᠳ ᠪᠣᠯᠤᠨ ᠵᠤᠭᠠᠴᠠᠭᠰᠠᠳ ᠤᠨ ᠰᠡᠳᠬᠢᠯ ᠢ ᠳᠣᠭᠳᠣᠯᠤᠭᠤᠯᠵᠤ᠂ ᠰᠣᠶᠣᠯ ᠤᠨ ᠢᠲᠡᠭᠡᠯ | ᠪᠣᠯᠤᠨ ᠰᠣᠶᠣᠯ ᠤᠨ ᠮᠡᠳᠡᠷᠡᠮᠵᠢ ᠶᠢ ᠨᠡᠮᠡᠭᠳᠡᠭᠦᠯᠵᠦ᠂ ᠣᠯᠠᠨ ᠢᠶᠠᠷ ᠢᠶᠠᠨ ᠳᠠᠭᠤᠤ ᠬᠥᠭᠵᠢᠮ ᠲᠠᠢ ᠬᠠᠮᠲᠤ ᠳᠠᠭᠤᠯᠠᠪᠠ᠃ | | | | | | ᠲᠣᠰ ᠤᠳᠠᠭᠠᠨ ᠤ ᠠᠵᠢᠯᠯᠠᠭ᠎ᠠ ᠨᠢ ᠢᠦᠶ ᠴᠢᠤᠸᠠᠨ ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠶᠢᠷᠠᠯ ᠳᠠᠭᠤᠤ ᠶᠢᠨ | ᠤᠷᠠᠯᠢᠭ ᠤᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠂ ᠬᠤᠶᠢᠰᠢᠳᠠ ᠢᠦᠶ | ᠴᠢᠤᠸᠠᠨ ᠲᠣᠭᠤᠷᠢᠭ ᠤᠨ ᠰᠣᠶᠣᠯ ᠤᠨ ᠣᠷᠳᠣᠨ ᠪᠠᠰᠠ ᠨᠠᠩ ᠣᠯᠠᠨ ᠨᠠᠩ ᠰᠠᠶᠢᠨ ᠤᠳᠬ᠎ᠠ ᠤᠷᠠᠯᠢᠭ ᠤᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠠᠷᠠᠳ ᠲᠦᠮᠡᠨ ᠤ ᠤᠷᠠᠯᠢᠭ ᠤᠨ ᠠᠮᠢᠳᠤᠷᠠᠯ ᠢ | ᠪᠠᠶᠠᠯᠢᠭᠵᠢᠭᠤᠯᠬᠤ ᠪᠣᠯᠤᠨ᠎ᠠ᠃ | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |