ᠣᠷᠴᠢᠨ ᠲᠣᠭᠤᠷᠢᠨ ᠤ ᠠᠷᠢᠭᠤᠨ ᠴᠡᠪᠡᠷ ᠢ ᠨᠠᠷᠢᠯᠢᠬᠵᠢᠭᠤᠯᠬᠤ᠂ ᠪᠠᠷᠢᠮᠵᠢᠶᠠᠵᠢᠭᠤᠯᠬᠤ᠂ ᠵᠢᠷᠤᠮᠵᠢᠭᠤᠯᠬᠤ | ᠬᠠᠮᠢᠶᠠᠷᠤᠯᠲᠠ ᠶᠢ ᠪᠦᠲᠦᠮᠵᠢᠲᠡᠶ ᠪᠡᠶᠡᠯᠡᠭᠦᠯᠵᠦ᠂ ᠴᠡᠪᠡᠷ ᠲᠡᠭᠰᠢ᠂ ᠪᠣᠯᠪᠠᠰᠤᠨ᠂ ᠭᠤᠶᠣ ᠰᠠᠶᠢᠬᠠᠨ ᠬᠤᠲᠠ ᠶᠢᠨ | ᠣᠷᠴᠢᠨ ᠨᠦᠬᠦᠴᠡᠯ ᠢ ᠪᠣᠶ ᠪᠤᠯᠭᠠᠬᠤ ᠶᠢᠨ ᠲᠦᠯᠦᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠣᠷᠴᠢᠨ | ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠭᠤᠤᠯᠳᠠᠯᠭ᠎ᠠ ᠲᠠᠢ ᠵᠠᠮ ᠤᠨ ᠬᠡᠰᠡᠭ ᠤᠨ ᠭᠦᠨᠵᠡᠭᠡᠶ | ᠴᠡᠪᠡᠷᠯᠡᠯᠲᠡ ᠳᠤ ᠠᠩᠬᠠᠷᠤᠯ ᠢᠶᠠᠨ ᠲᠦᠪᠯᠡᠷᠡᠭᠦᠯᠵᠦ᠂ ᠵᠠᠮ ᠤᠨ ᠬᠡᠪ ᠤᠨ ᠴᠡᠪᠡᠷᠯᠡᠯᠲᠡ ᠪᠠ ᠵᠢᠷᠤᠮᠵᠢᠭᠰᠠᠨ ᠤᠷᠴᠢᠨ | ᠲᠤᠭᠤᠷᠢᠨ ᠤ ᠠᠷᠢᠭᠤᠨ ᠴᠡᠪᠡᠷ ᠤᠨ ᠠᠵᠢᠯ ᠢ ᠳᠣᠪᠤᠶᠢᠯᠭᠠᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ | ᠴᠢᠨᠠᠷ ᠤᠨ ᠲᠠᠰ ᠳᠡᠪᠰᠢᠬᠦ ᠶᠢ ᠪᠥᠬᠦ ᠲᠠᠯ᠎ᠠ ᠪᠠᠷ ᠠᠬᠢᠭᠤᠯᠪᠠ᠃ | | | | | ᠵᠠᠮ ᠢ ᠬᠡᠪ ᠤᠨ ᠪᠠᠶᠢᠳᠠᠯ ᠢᠶᠠᠷ ᠴᠡᠪᠡᠷᠯᠡᠭᠰᠡᠨ ᠰᠠᠭᠤᠷᠢᠨ ᠳᠡᠭᠡᠷ᠎ᠡ᠂ ᠤᠶᠢᠷ᠎ᠠ ᠶᠢᠨ ᠣᠷᠴᠢᠨ ᠲᠣᠭᠤᠷᠢᠨ ᠤ | ᠠᠷᠢᠭᠤᠨ ᠴᠡᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠷᠢᠳᠠᠪᠠᠷ ᠭᠤᠤᠯ ᠳᠠᠷᠠᠭ᠎ᠠ ᠨᠢ ᠳᠡᠳ᠋ | ᠠᠵᠢᠯᠯᠠᠬᠤ ᠳᠡᠰ ᠳᠠᠷᠠᠭᠠᠯᠠᠯ ᠶᠣᠰᠣᠭᠠᠷ᠂ ᠤᠬᠢᠶᠠᠵᠤ ᠴᠡᠪᠡᠷᠯᠡᠬᠦ ᠲᠡᠷᠭᠡ᠂ ᠤᠰᠤ ᠰᠦᠷᠴᠢᠬᠦ ᠲᠡᠷᠭᠡ᠂ ᠥᠨᠳᠥᠷ | ᠳᠠᠷᠤᠯᠲᠠᠲᠤ ᠤᠬᠢᠶᠠᠯᠭ᠎ᠠ ᠶᠢᠨ ᠲᠡᠷᠭᠡ ᠵᠡᠷᠭᠡ ᠮᠠᠰᠢᠨ ᠲᠡᠷᠭᠡ ᠶᠢ ᠵᠦᠶ ᠵᠣᠬᠢᠰᠲᠠᠶ ᠰᠢᠯᠵᠢᠭᠦᠯᠦᠨ ᠲᠣᠮᠢᠯᠠᠵᠤ᠂ | ᠬᠥᠮᠦᠨ ᠤ ᠬᠦᠴᠦ ᠪᠠᠷ ᠴᠡᠪᠡᠷᠯᠡᠬᠦ ᠯᠦᠭᠡ ᠬᠠᠮᠵᠢᠯᠴᠠᠨ᠂ ᠭᠤᠤᠯᠳᠠᠯᠭ᠎ᠠ ᠲᠠᠢ ᠵᠠᠮ ᠤᠨ ᠬᠡᠰᠡᠭ᠂ ᠪᠣᠬᠢᠷᠲᠤᠯ ᠬᠦᠨᠳᠦ | ᠨᠣᠴᠢᠲᠠᠶ ᠬᠡᠰᠡᠭ ᠤᠨ ᠵᠠᠮ ᠤᠨ ᠭᠠᠳᠠᠷᠭᠤ ᠵᠢᠴᠢ ᠵᠠᠮ ᠳᠠᠭᠠᠤ ᠶᠢᠨ ᠬᠤᠭ ᠨᠤᠪᠰᠢ ᠶᠢᠨ ᠬᠠᠶᠢᠷᠴᠠᠭ ᠵᠡᠷᠭᠡ | ᠪᠡᠯᠡᠳᠬᠡᠮᠵᠢ ᠶᠢ ᠲᠠᠰᠤᠯᠳᠠᠭᠤᠯᠬᠤ ᠥᠬᠡᠶ ᠪᠠᠷ ᠤᠬᠢᠶᠠᠵᠤ ᠱᠦᠭᠦᠷᠳᠡᠬᠦ᠂ ᠤᠰᠤ ᠰᠠᠴᠤᠬᠤ᠂ ᠰᠦᠷᠴᠢᠨ ᠤᠬᠢᠶᠠᠬᠤ | ᠠᠵᠢᠯ ᠬᠢᠵᠦ᠂ ᠵᠠᠮ ᠤᠨ ᠭᠠᠳᠠᠷᠭᠤ ᠶᠢᠨ ᠲᠠᠬᠢᠯᠭ᠎ᠠ ᠶᠢᠨ ᠣᠷᠣ ᠮᠥᠷ ᠢ ᠴᠠᠭ ᠲᠤᠬᠠᠶ ᠳᠤᠨᠢ ᠴᠡᠪᠡᠷᠯᠡᠨ ᠠᠷᠢᠯᠭᠠᠵᠤ᠂ | ᠵᠠᠮ ᠤᠨ ᠭᠠᠳᠠᠷᠭᠤ ᠳᠤ ᠲᠤᠭᠤᠰᠤ ᠰᠢᠷᠣᠶ ᠥᠬᠡᠶ᠂ ᠵᠠᠮ ᠤᠨ ᠭᠠᠳᠠᠷᠭᠤ ᠳᠤ ᠰᠢᠲᠠᠯᠲᠠ ᠶᠢᠨ ᠣᠷᠣᠮ ᠥᠬᠡᠶ | ᠪᠠᠶᠢᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ ᠶᠢ ᠴᠡᠪᠡᠷ ᠲᠡᠭᠰᠢ ᠪᠠᠶᠢᠯᠭᠠᠨ᠎ᠠ᠃ ᠡᠭᠦᠨ ᠤ | ᠬᠠᠮᠲᠤ᠂ ᠲᠠᠬᠢᠯᠭ᠎ᠠ ᠶᠢᠨ ᠦᠯᠡᠳᠡᠭᠳᠡᠯ ᠢ ᠢᠯᠭᠠᠷᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ | ᠠᠵᠢᠯ ᠤᠨ ᠪᠠᠶᠢᠴᠠᠭᠠᠯᠲᠠ ᠪᠣᠯᠭᠠᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠲᠦᠷᠢᠮ ᠢ ᠲᠠᠰᠤᠷᠠᠯᠲᠠ ᠥᠬᠡᠶ | ᠪᠦᠷᠢᠨᠰᠢᠬᠦᠯᠬᠦ᠂ ᠡᠳᠦᠷ ᠲᠤᠲᠤᠮ ᠤᠨ ᠬᠢᠨᠠᠨ ᠰᠢᠯᠭᠠᠬᠤ ᠡᠷᠴᠢᠮ ᠢ ᠴᠢᠩᠭᠠᠷᠠᠭᠤᠯᠬᠤ᠂ ᠪᠠᠶᠢᠩᠭᠤ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠡᠯ᠎ᠡ ᠠᠵᠢᠯ ᠤᠨ | ᠦᠢᠯᠡᠴᠢᠯᠡᠭᠡᠨ ᠤ ᠺᠣᠮᠫᠠᠨᠢ ᠶᠢᠨ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠠᠲᠤᠳᠬᠠᠬᠤ ᠶᠢ ᠰᠢᠮᠳᠠᠭᠤᠯᠵᠤ᠂ | ᠠᠰᠠᠭᠤᠳᠠᠯ ᠢ ᠢᠯᠡᠷᠡᠭᠦᠯᠵᠦ᠂ ᠴᠠᠭ ᠲᠤᠬᠠᠶ ᠳᠤᠨᠢ ᠰᠢᠢᠳᠪᠦᠷᠢᠯᠡᠵᠦ᠂ ᠦᠳᠲᠡᠷ ᠲᠦᠷᠭᠡᠨ ᠴᠡᠭᠴᠡᠯᠡᠨ | ᠰᠠᠶᠢᠵᠢᠷᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠂ ᠪᠣᠯᠪᠠᠰᠤᠨ ᠬᠤᠲᠠ ᠶᠢᠨ ᠳᠦᠷᠰᠦ ᠪᠠᠶᠢᠳᠠᠯ ᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ | | | | | ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ | ᠴᠡᠪᠡᠷ ᠤᠨ ᠦᠢᠯᠡᠴᠢᠯᠡᠭᠡᠨ ᠤ ᠲᠥᠪ ᠠᠴᠠ ᠦᠷᠭᠦᠯᠵᠢᠯᠡᠨ ᠬᠠᠮᠢᠶ᠎ᠠ ᠪᠥᠬᠦᠶ ᠪᠠᠷᠢᠮᠵᠢᠶ᠎ᠠ ᠲᠠᠢ ᠬᠠᠷᠢᠴᠠᠭᠤᠯᠤᠨ᠂ ︽ | ᠠᠷᠢᠭᠤᠨ ᠴᠡᠪᠡᠷ ᠢ ᠪᠦᠬᠦᠯᠢ ᠡᠳᠦᠷ ᠢᠶᠠᠷ ᠪᠠᠶᠢᠯᠭᠠᠬᠤ᠂ ᠬᠠᠮᠢᠶᠠᠷᠤᠯᠲᠠ ᠶᠢ ᠵᠠᠪᠰᠠᠷ ᠥᠬᠡᠶ ᠪᠠᠶᠢᠯᠭᠠᠬᠤ᠂ | ᠬᠠᠷᠢᠭᠤᠴᠠᠯᠭ᠎ᠠ ᠶᠢ ᠪᠦᠬᠦᠨ ᠢ ᠬᠠᠮᠤᠷᠬᠤ︾ ᠵᠠᠷᠴᠢᠮ ᠶᠣᠰᠣᠭᠠᠷ᠂ ᠭᠤᠤᠯᠳᠠᠯᠭ᠎ᠠ ᠲᠠᠢ ᠣᠷᠣᠨ ᠪᠦᠰᠡ ᠶᠢ ᠭᠦᠨᠵᠡᠭᠡᠶ | ᠴᠡᠪᠡᠷᠯᠡᠬᠦ ᠶᠢ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠲᠠ ᠶᠢᠨ | ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠨ᠎ᠠ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |