ᠪᠤᠳᠢ ᠰᠤᠪᠤᠷᠭ᠎ᠠ ᠶᠢᠨ ᠵᠡᠭᠦᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ᠄ ︽ᠠᠪᠤ ᠡᠵᠢ ᠦᠰᠦᠨ ᠪᠤᠶᠢᠵᠢᠪᠠᠯ ᠦᠷ᠎ᠡ ᠬᠡᠦᠬᠡᠳ ᠰᠠᠶ᠋ᠢ ᠨᠡᠩ ᠰᠠᠶᠢᠨ ᠦᠰᠦᠨ ᠪᠤᠶᠢᠵᠢᠵᠤ ᠴᠢᠳᠠᠨ᠎ᠠ︾ ᠭᠡᠬᠦ ᠣᠶᠤᠨᠴᠢ ᠬᠢᠴᠢᠶᠡᠯ ᠤᠨ ᠲᠠᠩᠬᠢᠮ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/8/23
     ᠲᠦᠷᠦᠭᠦᠬᠡᠨ᠂ ᠪᠤᠳᠢ ᠰᠤᠪᠤᠷᠭ᠎ᠠ ᠶᠢᠨ ᠵᠡᠭᠦᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ᠂ ᠪᠤᠳᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ᠂ ᠢᠦᠶ ᠴᠢᠤᠸᠠᠨ ᠯᠢᠩ ᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠬᠠᠮᠲᠤᠷᠠᠨ ᠡᠷᠭᠢᠯᠡᠭᠰᠡᠨ ︽ᠠᠪᠤ ᠡᠵᠢ ᠦᠰᠦᠨ ᠪᠤᠶᠢᠵᠢᠪᠠᠯ ᠦᠷ᠎ᠡ ᠬᠡᠦᠬᠡᠳ ᠰᠠᠶ᠋ᠢ ᠨᠡᠩ ᠰᠠᠶᠢᠨ ᠦᠰᠦᠨ ᠪᠤᠶᠢᠵᠢᠵᠤ ᠴᠢᠳᠠᠨ᠎ᠠ︾ ᠭᠡᠬᠦ ᠣᠶᠤᠨᠴᠢ ᠬᠢᠴᠢᠶᠡᠯ ᠤᠨ ᠲᠠᠩᠬᠢᠮ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃
     ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠡᠴᠢᠭᠡ ᠡᠬᠡ ᠶᠢᠨ ᠬᠡᠷ ᠪᠦᠯᠢ ᠶᠢᠨ ᠰᠤᠷᠭᠠᠨ ᠬᠥᠮᠦᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ᠠᠷᠭ᠎ᠠ ᠶᠢ ᠤᠯᠠᠮᠵᠢᠯᠠᠬᠤ ᠶᠢᠨ ᠲᠥᠯᠥᠭᠡ ᠶᠤᠮ᠃ ᠠᠵᠢᠯᠯᠠᠭ᠎ᠠ ᠡᠬᠢᠯᠡᠬᠦ ᠦᠶ᠎ᠡ ᠳᠤ᠂ ᠬᠥᠲᠥᠯᠦᠭᠴᠢ ᠠᠵᠢᠯᠯᠠᠭ᠎ᠠ ᠶᠢᠨ ᠠᠬᠤᠶ ᠪᠠᠶᠢᠳᠠᠯ ᠪᠠ ᠵᠣᠷᠢᠯᠭ᠎ᠠ ᠪᠠᠨ ᠨᠠᠷᠢᠨ ᠲᠠᠨᠢᠯᠴᠠᠭᠤᠯᠵᠤ᠂ ᠳᠠᠷᠠᠭ᠎ᠠ ᠨᠢ ᠨᠡᠶᠢᠭᠡᠮ ᠲᠣᠭᠤᠷᠢᠭ ᠤᠨ ᠤᠳᠤᠷᠢᠳᠤᠯᠭ᠎ᠠ ᠪᠠᠶᠠᠷ ᠤᠨ ᠦᠭᠡ ᠬᠡᠯᠡᠵᠦ᠂ ᠬᠡᠷ ᠪᠦᠯᠢ ᠶᠢᠨ ᠬᠥᠮᠦᠵᠢᠯ ᠤᠨ ᠬᠡᠤᠬᠡᠳ ᠤᠨ ᠦᠰᠦᠨ ᠪᠤᠶᠢᠵᠢᠬᠤ ᠶᠠᠪᠤᠴᠠ ᠳᠠᠬᠢ ᠵᠠᠩᠭᠢᠯᠠᠭ᠎ᠠ ᠶᠢᠨ ᠦᠢᠯᠡᠳᠦᠯ ᠵᠢᠴᠢ ᠨᠡᠶᠢᠭᠡᠮ ᠲᠣᠭᠤᠷᠢᠭ ᠤᠨ ᠬᠡᠷ ᠪᠦᠯᠢ ᠳᠤ ᠡᠷᠡᠰ ᠪᠠᠲᠤ ᠳᠡᠮᠵᠢᠯᠭᠡ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠠᠵᠢᠯᠯᠠᠭ᠎ᠠ ᠳᠤᠮᠳᠠ᠂ ᠪᠠᠭᠰᠢ ᠨᠠᠷ ᠭᠤᠶᠢᠳᠠ ᠰᠠᠶᠢᠬᠠᠨ ᠪᠥᠭᠡᠳ ᠪᠣᠳᠠᠲᠤ ᠬᠡᠷᠡᠭᠴᠡᠭᠡ ᠲᠠᠢ ᠭᠤᠣᠯ ᠰᠡᠳᠦᠪᠲᠦ ᠲᠠᠶᠢᠯᠤᠮᠵᠢ ᠬᠢᠪᠡ᠃ ᠬᠡᠦᠬᠡᠳ ᠤᠨ ᠦᠰᠦᠨ ᠪᠤᠶᠢᠵᠢᠬᠤ ᠶᠠᠪᠤᠴᠠ ᠳᠠᠬᠢ ᠰᠡᠳᠬᠢᠴᠡ ᠶᠢᠨ ᠣᠨᠴᠠᠯᠢᠭ ᠪᠠ ᠬᠡᠷᠡᠭᠴᠡᠭᠡ ᠶᠢ ᠵᠠᠳᠠᠯᠵᠤ᠂ ᠡᠴᠢᠭᠡ ᠡᠬᠡ ᠶᠢᠨ ᠬᠢᠨ ᠳᠤ ᠪᠦᠲᠦᠮᠵᠢᠲᠡᠶ ᠨᠡᠪᠲᠡᠷᠡᠯᠴᠡᠬᠦ ᠤᠷ᠎ᠠ ᠮᠡᠷᠭᠡᠵᠢᠯ ᠵᠢᠴᠢ ᠡᠴᠢᠭᠡ ᠡᠬᠡ ᠦᠷ᠎ᠡ ᠬᠡᠦᠬᠡᠳ ᠤᠨ ᠰᠠᠶᠢᠨ ᠰᠠᠶᠢᠬᠠᠨ ᠬᠠᠷᠢᠴᠠᠭ᠎ᠠ ᠶᠢ ᠬᠡᠷᠬᠢᠨ ᠪᠠᠶᠢᠭᠤᠯᠬᠤ ᠶᠢᠨ ᠬᠠᠮᠲᠤ ᠬᠡᠦᠬᠡᠳ ᠤᠨ ᠰᠠᠶᠢᠨ ᠰᠠᠶᠢᠬᠠᠨ ᠳᠠᠳᠬᠠᠯ ᠪᠠ ᠵᠠᠩ ᠮᠣᠷᠠᠯ ᠢ ᠬᠥᠮᠦᠵᠢᠭᠦᠯᠬᠦ ᠪᠦᠲᠦᠮᠵᠢᠲᠡᠶ ᠠᠷᠭ᠎ᠠ ᠶᠢ ᠬᠤᠪᠢᠶᠠᠯᠴᠠᠪᠠ᠃ ᠣᠯᠠᠨ ᠢᠶᠠᠷ ᠢᠶᠠᠨ ᠲᠠᠶᠢᠯᠤᠮᠵᠢ ᠶᠢᠨ ᠠᠭᠤᠯᠭ᠎ᠠ ᠪᠠᠶᠠᠯᠢᠭ᠂ ᠬᠡᠷᠡᠭ ᠤᠨ ᠵᠢᠱᠢᠶ᠎ᠡ ᠠᠮᠢᠳᠤᠯᠢᠭ ᠪᠠᠶᠢᠵᠤ᠂ ᠲᠤᠬᠠᠶ ᠶᠢᠨ ᠲᠠᠯᠠᠪᠤᠷ ᠲᠤ ᠪᠠᠶᠢᠭ᠎ᠠ ᠡᠴᠢᠭᠡ ᠡᠬᠡ ᠶᠢᠨ ᠬᠢᠨ ᠳᠤ ᠶᠡᠭᠡ ᠠᠰᠢᠭ ᠬᠦᠷᠲᠡᠭᠡᠵᠡᠢ ᠭᠡᠵᠦ ᠢᠯᠡᠳᠬᠡᠵᠡᠭᠡᠪᠡ᠃ ᠬᠠᠮᠤᠭ ᠤᠨ ᠰᠡᠭᠦᠯ ᠳᠤ᠂ ᠡᠴᠢᠭᠡ ᠡᠬᠡ ᠨᠠᠷ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠣᠯᠤᠯᠲᠠ ᠲᠥᠷᠥᠭᠳᠡᠯ ᠢᠶᠠᠨ ᠢᠳᠡᠪᠬᠢᠲᠡᠶ ᠬᠤᠪᠢᠶᠠᠯᠴᠠᠵᠤ᠂ ᠳ᠋ᠦᠩᠨᠡᠯᠲᠡ ᠪᠠ ᠦᠨᠡᠯᠡᠯᠲᠡ ᠬᠢᠭᠰᠡᠨ ᠪᠥᠭᠡᠳ ᠡᠴᠢᠭᠡ ᠡᠬᠡ ᠶᠢᠨ ᠬᠢᠨ ᠳᠤ ᠲᠠᠷᠠᠭᠠᠴᠢ ᠶᠢᠨ ᠰᠤᠷᠭᠠᠨ ᠬᠥᠮᠦᠵᠢᠯ ᠤᠨ ᠰᠠᠨᠠᠭᠤᠯᠭ᠎ᠠ ᠪᠠ ᠡᠬᠢ ᠪᠠᠶᠠᠯᠢᠭ ᠬᠠᠩᠭᠠᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠡᠴᠢᠭᠡ ᠡᠬᠡ ᠨᠡᠷ ᠬᠡᠷ ᠪᠦᠯᠢ ᠶᠢᠨ ᠬᠥᠮᠦᠵᠢᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠤᠭᠰᠠᠨ ᠪᠥᠭᠡᠳ ᠨᠠᠩ ᠣᠯᠠᠨ ᠰᠢᠨᠵᠢᠯᠡᠬᠦ ᠤᠬᠠᠭᠠᠨᠴᠢ ᠪᠦᠲᠦᠮᠵᠢᠲᠡᠶ ᠰᠤᠷᠭᠠᠨ ᠬᠥᠮᠦᠵᠢᠯ ᠤᠨ ᠠᠷᠭ᠎ᠠ ᠶᠢ ᠡᠵᠡᠮᠰᠢᠭᠰᠡᠨ ᠪᠠᠶᠢᠨ᠎ᠠ᠃ ᠪᠤᠳᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠬᠡᠷ ᠪᠦᠯᠢ ᠶᠢᠨ ᠬᠥᠮᠦᠵᠢᠯ ᠢ ᠦᠷᠭᠦᠯᠵᠢᠯᠡᠨ ᠠᠩᠬᠠᠷᠴᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠩ ᠣᠯᠠᠨ ᠴᠢᠨᠠᠷ ᠰᠠᠶᠢᠲᠠᠶ ᠦᠢᠯᠡᠴᠢᠯᠡᠭᠡ ᠪᠠ ᠠᠵᠢᠯᠯᠠᠭ᠎ᠠ ᠬᠠᠩᠭᠠᠵᠤ᠂ ᠬᠠᠮᠲᠤ ᠪᠠᠷ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠪᠣᠯᠤᠨ᠎ᠠ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号