ᠢᠦᠢ ᠴᠢᠤᠸᠠᠨ ᠲᠤᠭᠤᠷᠢᠭ᠄ ᠬᠠᠭᠤᠴᠢᠨ ᠰᠠᠭᠤᠭᠠᠯᠢ ᠠᠷᠠᠳ ᠤᠨ ᠬᠤᠷᠢᠶᠠᠯᠠᠯ ᠢ ᠥᠭᠡᠷᠡᠴᠢᠯᠡᠨ ᠰᠢᠨᠡᠳᠭᠡᠵᠦ᠂ ︽ᠠᠮᠤᠭᠤᠯᠠᠩ ᠰᠠᠭᠤᠷᠢᠰᠢᠨ︾ ᠨᠡᠩ ︽ᠣᠷᠣᠰᠢᠨ ᠰᠠᠭᠤᠬᠤ ᠳᠤ ᠲᠣᠬᠢᠷᠠᠮᠵᠢᠲᠠᠢ︾ ᠪᠤᠯᠭᠠᠨ᠎ᠠ
ᠨᠡᠶᠢᠲᠡᠯᠡᠭᠰᠡᠨ ᠴᠠᠭ᠄
2024/8/23
     ᠬᠠᠭᠤᠴᠢᠨ ᠰᠠᠭᠤᠭᠠᠯᠢ ᠠᠷᠠᠳ ᠤᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠡᠨᠡ ᠵᠢᠯ᠂ ᠢᠦᠢ ᠴᠢᠤᠸᠠᠨ ᠲᠣᠭᠤᠷᠢᠭ ᠤᠨ ᠬᠢᠨ ᠬᠤᠳᠠ ᠶᠢ ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠬᠠᠭᠤᠴᠢᠨ ᠰᠠᠭᠤᠭᠠᠯᠢ ᠠᠷᠠᠳ ᠤᠨ ᠬᠤᠷᠢᠶᠠᠯᠠᠯ ᠤᠨ ᠥᠭᠡᠷᠡᠴᠢᠯᠡᠯᠲᠡ ᠶᠢ ᠴᠢᠨᠠᠷ ᠰᠠᠶᠢᠲᠠᠢ ᠠᠬᠢᠭᠤᠯᠵᠤ᠂ ᠰᠠᠭᠤᠭᠠᠯᠢ ᠠᠷᠠᠳ ᠤᠨ ᠬᠤᠷᠢᠶᠠᠯᠠᠯ ᠤᠨ ᠣᠷᠴᠢᠨ ᠲᠣᠭᠤᠷᠢᠨ ᠪᠣᠯᠤᠨ ᠬᠥᠮᠦᠰ ᠤᠨ ᠣᠷᠣᠰᠢᠨ ᠰᠠᠭᠤᠬᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
     8 ᠳ᠋ᠤᠭᠠᠷ ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠯᠢᠦᠢ ᠶᠤᠸᠠᠨ ᠰᠠᠭᠤᠭᠠᠯᠢ ᠠᠷᠠᠳ ᠤᠨ ᠬᠤᠷᠢᠶᠠᠯᠠᠯ ᠳᠤ ᠬᠦᠷᠬᠦ ᠳᠤ᠂ ᠰᠢᠨ᠎ᠡ ᠠᠰᠠᠷ ᠴᠤᠭᠴᠠ᠂ ᠲᠡᠷᠢ ᠲᠡᠭᠰᠢ ᠲᠡᠷᠭᠡ ᠵᠤᠭᠰᠤᠭᠠᠬᠤ ᠪᠠᠶᠢᠷᠢ᠂ ᠳᠦᠷᠰᠦ ᠪᠦᠲᠦᠭᠡᠯᠲᠡ ᠣᠨᠴᠠᠭᠠᠢ ᠰᠡᠷᠢᠭᠦᠴᠡᠬᠦ ᠲᠢᠩᠰᠡ ᠶᠢ ᠥᠩᠭᠡᠯᠡᠵᠦ᠂ ᠪᠠᠷᠢᠯᠭ᠎ᠠ ᠶᠢᠨ ᠠᠵᠢᠯᠲᠠᠳ ᠶᠠᠭ ᠨᠣᠭᠤᠭᠠᠷᠠᠭᠤᠯᠤᠯᠲᠠ ᠶᠢᠨ ᠪᠦᠰᠡ ᠳᠤ ᠨᠣᠭᠤᠭᠠᠷᠠᠭᠤᠯᠤᠨ ᠲᠠᠷᠢᠬᠤ ᠠᠵᠢᠯ ᠢ ᠬᠢᠵᠦ ᠪᠠᠶᠢᠬᠤ ᠶᠢ ᠣᠯᠵᠤ ᠬᠠᠷᠠᠪᠠ᠃ ᠣᠷᠴᠢᠨ ᠲᠣᠭᠤᠷᠢᠨ ᠭᠤᠶᠢᠳᠠ ᠰᠠᠶᠢᠬᠠᠨ᠂ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠰ ᠳᠡᠪᠰᠢᠭᠦᠯᠦᠭᠰᠡᠨ ︽ᠰᠢᠨ᠎ᠡ︾ ᠰᠠᠭᠤᠭᠠᠯᠢ ᠠᠷᠠᠳ ᠤᠨ ᠬᠤᠷᠢᠶᠠᠯᠠᠯ ᠨᠢᠳᠦᠨ ᠡᠮᠦᠨ᠎ᠡ ᠢᠯᠡᠷᠡᠭᠰᠡᠨ ᠪᠠᠶᠢᠨ᠎ᠠ᠃
     ᠯᠢᠦᠢ ᠶᠤᠸᠠᠨ ᠬᠤᠷᠢᠶᠠᠯᠠᠯ ᠢ 2000 ᠣᠨ ᠠᠴᠠ ᠡᠬᠢᠯᠡᠨ ᠪᠠᠶᠢᠭᠤᠯᠵᠤ᠂ ᠪᠠᠶᠢᠭᠤᠯᠤᠭᠰᠠᠨ ᠤᠨ ᠵᠢᠯ ᠨᠢ ᠨᠡᠯᠢᠶᠡᠳ ᠡᠷᠲᠡ ᠪᠠᠶᠢᠵᠤ᠂ ᠬᠤᠷᠢᠶᠠᠯᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠲᠡᠭᠦᠯᠳᠡᠷ ᠪᠤᠰᠤ᠂ ᠰᠠᠭᠤᠷᠢ ᠲᠥᠬᠦᠭᠡᠷᠦᠮᠵᠢ ᠬᠠᠭᠤᠴᠢᠷᠠᠭᠰᠠᠨ᠂ ᠵᠠᠮ ᠡᠪᠳᠡᠷᠡᠭᠰᠡᠨ᠂ ᠤᠰᠤ ᠲᠠᠲᠠᠷᠠᠭᠤᠯᠤᠭᠰᠠᠨ ᠨᠢ ᠰᠠᠭᠠᠳ ᠲᠠᠢ ᠵᠡᠷᠭᠡ ᠠᠰᠠᠭᠤᠳᠠᠯ ᠨᠢ ᠬᠤᠷᠢᠶᠠᠯᠠᠯ ᠤᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠵᠦ ᠪᠠᠶᠢᠪᠠ᠃ ᠡᠨᠡ ᠵᠢᠯ ᠤᠨ 5 ᠳ᠋ᠤᠭᠠᠷ ᠰᠠᠷ᠎ᠠ ᠳᠤ᠂ ᠯᠢᠦᠶ ᠶᠤᠸᠠᠨ ᠬᠤᠷᠢᠶᠠᠯᠠᠯ ᠳᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠠᠵᠢᠯ ᠬᠢᠪᠡ᠂ ᠡᠭᠦᠨ ᠳᠤ᠂ ᠭᠠᠵᠠᠷ ᠳᠡᠭᠡᠷᠡᠬᠢ ᠥᠭᠡᠷᠡᠴᠢᠯᠡᠨ ᠰᠢᠨᠡᠳᠬᠡᠬᠦ ᠬᠡᠰᠡᠭ ᠲᠤ ᠭᠠᠳᠠᠷ ᠬᠡᠷᠡᠮ ᠢ ᠰᠡᠯᠪᠢᠨ ᠵᠠᠰᠠᠬᠤ᠂ ᠭᠠᠵᠠᠷ ᠤᠨ ᠭᠠᠳᠠᠷᠭᠤ ᠶᠢ ᠨᠣᠭᠤᠭᠠᠷᠠᠭᠤᠯᠵᠤ ᠭᠡᠷᠡᠯᠲᠦᠭᠦᠯᠬᠦ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠵᠡᠷᠭᠡ ᠶᠢ ᠪᠠᠭᠲᠠᠭᠠᠵᠤ᠂ ᠭᠠᠵᠠᠷ ᠳᠣᠤᠷᠠᠬᠢ ᠥᠭᠡᠷᠡᠴᠢᠯᠡᠯᠲᠡ ᠳᠤ ᠤᠰᠤ ᠵᠠᠯᠠᠬᠤ ᠬᠤᠭᠤᠯᠠᠶ᠂ ᠬᠢᠨᠠᠨ ᠡᠵᠡᠮᠳᠡᠬᠦ ᠪᠡᠯᠡᠳᠬᠡᠮᠵᠢ ᠵᠢᠴᠢ ᠬᠤᠷᠢᠶᠠᠯᠠᠯ ᠤᠨ ᠪᠤᠰᠤᠳ ᠬᠠᠲᠠᠭᠤᠷᠠᠭᠤᠯᠬᠤ ᠦᠭᠡᠷᠡᠴᠢᠯᠡᠯᠲᠡ ᠪᠠᠭᠲᠠᠨ᠎ᠠ᠃ ᠥᠭᠡᠷᠡᠴᠢᠯᠡᠭᠰᠡᠨ ᠤ ᠳᠠᠷᠠᠭ᠎ᠠ ᠢᠵᠢ ᠪᠥᠷᠢᠳᠦᠭᠦᠯᠬᠦ ᠲᠥᠬᠦᠭᠡᠷᠦᠮᠵᠢ ᠬᠠᠭᠤᠴᠢᠷᠠᠭᠰᠠᠨ᠂ ᠲᠡᠷᠭᠡ ᠵᠣᠭᠰᠣᠭᠠᠬᠤ ᠳᠤ ᠬᠦᠴᠢᠷᠲᠡᠶ᠂ ᠪᠣᠬᠢᠷᠲᠤᠯ ᠭᠠᠳᠠᠭᠰᠢᠯᠠᠭᠤᠯᠬᠤ ᠳᠤ ᠰᠢᠯᠤᠭᠤᠨ ᠪᠤᠰᠤ᠂ ᠬᠡᠷᠡᠮ ᠤᠨ ᠭᠠᠳᠠᠷᠭᠤ ᠮᠤᠯᠲᠤᠷᠠᠭᠰᠠᠨ ᠵᠡᠷᠭᠡ ᠲᠠᠯ᠎ᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠪᠡ᠃
     ᠣᠳᠣᠬᠠᠨ ᠳᠤ ᠰᠠᠭᠤᠭᠠᠯᠢ ᠠᠷᠠᠳ ᠤᠨ ᠬᠤᠷᠢᠶᠠᠯᠠᠯ ᠤᠨ ᠬᠠᠭᠤᠴᠢᠨ ᠳᠦᠷᠰᠦ ᠪᠠᠶᠢᠳᠠᠯ ᠰᠢᠨ᠎ᠡ ᠳᠦᠷᠰᠦ ᠪᠠᠶᠢᠳᠠᠯ ᠲᠠᠢ ᠪᠣᠯᠵᠤ᠂ ᠠᠳᠡ ᠠᠮᠢᠳᠤᠷᠠᠵᠤ ᠪᠠᠶᠢᠭ᠎ᠠ ᠰᠠᠭᠤᠭᠠᠯᠢ ᠠᠷᠠᠳ ᠴᠤ ᠨᠡᠩ ᠲᠠᠭᠠᠯᠠᠮᠵᠢᠲᠠᠢ ᠪᠣᠯᠵᠠᠢ᠃ ︽ᠡᠨᠡ ᠤᠳᠠᠭ᠎ᠠ ᠥᠭᠡᠷᠡᠴᠢᠯᠡᠭᠰᠡᠨ ᠤ ᠳᠠᠷᠠᠭ᠎ᠠ ᠥᠩᠭᠡᠷᠡᠭᠰᠡᠨ ᠤ ᠣᠷᠴᠢᠨ ᠲᠣᠭᠤᠷᠢᠨ ᠠᠴᠠ ᠮᠠᠰᠢ ᠰᠠᠶᠢᠨ ᠪᠣᠯᠵᠣ᠂ ᠮᠠᠰᠢ ᠰᠡᠳᠬᠢᠯ ᠬᠠᠨᠤᠮᠵᠢᠲᠠᠶ ᠪᠠᠶᠢᠨ᠎ᠠ᠂ ᠲᠡᠷᠭᠡᠨ ᠵᠣᠭᠰᠣᠭᠠᠯ ᠢ ᠴᠤ ᠮᠠᠰᠢ ᠰᠠᠶᠢᠨ ᠲᠥᠯᠥᠪᠵᠢᠭᠦᠯᠵᠦ᠂ ᠪᠤᠴᠠᠵᠤ ᠢᠷᠡᠭᠡᠳ ᠲᠡᠷᠭᠡ ᠵᠣᠭᠰᠣᠭᠠᠬᠤ ᠳᠤ ᠴᠦ ᠮᠠᠰᠢ ᠲᠥᠬᠦᠮ ᠪᠠᠶᠢᠵᠤ᠂ ᠰᠡᠷᠢᠭᠦᠨ ᠲᠢᠩᠰᠡ ᠲᠠᠢ ᠪᠣᠯᠵᠣ᠂ ᠭᠠᠷᠴᠤ ᠢᠷᠡᠭᠡᠳ ᠪᠠᠰᠠ ᠠᠮᠠᠷᠠᠬᠤ ᠭᠠᠵᠠᠷ ᠲᠠᠢ ᠪᠣᠯᠤᠭᠰᠠᠨ ᠶᠤᠮ︾ ᠭᠡᠵᠦ ᠯᠢᠦᠢ ᠶᠤᠸᠠᠨ ᠬᠤᠷᠢᠶᠠᠯᠠᠯ ᠤᠨ ᠵᠠᠩ ᠠᠪᠠᠭ᠋ᠠᠢ ᠪᠠᠶᠠᠷᠲᠠᠢ ᠪᠠᠷ ᠰᠤᠷᠪᠤᠯᠵᠢᠯᠠᠭᠴᠢ ᠳᠤ ᠬᠡᠯᠡᠪᠡ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号