ᠢᠦᠢ ᠴᠢᠤᠸᠠᠨ ᠲᠣᠭᠤᠷᠢᠭ ︽ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ︾ ᠦᠵᠡᠭᠦᠯᠦᠯᠭᠡ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/8/23
     ᠶᠡᠷᠦᠩᠬᠡᠢ ᠱᠦᠵᠢ ᠰᠢ ᠶᠢᠨ ᠫᠢᠩ ᠤᠨ ︽ᠲᠦᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠬᠦ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ︽ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ︾ ᠵᠣᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ︽ᠢᠳᠡᠰᠢᠨ ᠨᠤᠭᠤᠭ᠎ᠠ︾ ᠶᠢᠨ ᠢᠨᠵᠧᠨᠧᠷᠢᠩ ᠤᠨ ᠪᠠᠶᠢᠯᠳᠤᠬᠤ ᠪᠤᠳᠤᠯᠭ᠎ᠠ ᠶᠢᠨ ᠶᠣᠰᠣᠭᠠᠷ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢ ᠥᠨᠳᠥᠷ ᠲᠦᠪᠰᠢᠨ ᠢᠶᠠᠷ ᠠᠬᠢᠭᠤᠯᠬᠤ ᠶᠢᠨ ᠲᠦᠯᠦᠭᠡ᠂ 8 ᠳ᠋ᠤᠭᠠᠷ ᠰᠠᠷ᠎ᠠ ᠶᠢᠨ 20 ᠤ ᠡᠳᠦᠷ᠂ ᠢᠦᠢ ᠴᠢᠤᠸᠠᠨ ᠲᠣᠭᠤᠷᠢᠭ ᠲᠦᠷᠦᠯ ᠵᠦᠢᠯ ᠤᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠵᠢᠴᠢ ᠢᠦᠢ ᠴᠢᠤᠸᠠᠨ ᠲᠣᠭᠤᠷᠢᠭ ᠤᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃
     ᠳᠡᠭᠡᠳᠦ ᠳᠡᠰ ᠳᠠᠪᠬᠤᠷᠭ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ︽ᠢᠦᠢ ᠴᠢᠤᠸᠠᠨ ᠲᠣᠭᠤᠷᠢᠭ ᠤᠨ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ︾ ᠶᠢ ᠬᠠᠮᠲᠤᠪᠠᠷ ᠪᠠᠶᠢᠭᠤᠯᠪᠠ᠃ ᠲᠣᠰ ᠤᠳᠠᠭᠠᠨ ᠤ ᠢᠦᠢ ᠴᠢᠦᠸᠠᠨ ᠲᠣᠭᠤᠷᠢᠭ ᠤᠨ ᠵᠠᠳᠠᠭᠠᠶ ᠭᠠᠵᠠᠷ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠰᠢᠨ᠎ᠡ ᠲᠥᠷᠥᠯ ᠵᠦᠢᠯ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠢᠦᠶ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ︽ᠬᠦᠷᠢᠶᠡᠯᠡᠩ ᠭᠠᠵᠠᠷ︾ ᠲᠠᠢ ᠬᠠᠮᠲᠤᠷᠠᠯᠴᠠᠨ ᠬᠡᠷᠡᠭᠵᠢᠭᠦᠯᠵᠦ᠂ ᠮᠠᠨ ᠤ ᠲᠤᠭᠤᠷᠢᠭ ᠤᠨ ᠥᠪᠡᠷᠮᠢᠴᠡ ᠬᠦᠢᠲᠡᠨ ᠰᠡᠷᠢᠭᠦᠨ ᠠᠭᠤᠷ ᠠᠮᠢᠰᠬᠤᠯ᠂ ᠬᠡᠷᠡᠯ ᠤᠨ ᠲᠤᠰᠤᠯᠲᠠ ᠭᠦᠢᠴᠡᠳ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠶᠢᠲᠡ 10 ᠲᠥᠷᠥᠯ ᠤᠨ ᠢᠳᠡᠰᠢᠨ ᠨᠣᠭᠤᠭ᠎ᠠ 44 ᠲᠥᠷᠥᠯ ᠵᠦᠢᠯ ᠢ ᠲᠤᠷᠰᠢᠨ ᠲᠠᠷᠢᠪᠠ᠃
     ᠭᠤᠣᠯᠳᠠᠭᠤ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠲᠦᠷᠦᠯ ᠵᠦᠢᠯ ᠢ ᠣᠷᠣᠭᠤᠯᠤᠨ ᠠᠪᠴᠢᠷᠠᠬᠤ ᠪᠠ ᠰᠢᠭᠰᠢᠨ ᠰᠣᠩᠭᠤᠬᠤ ᠲᠤᠷᠰᠢᠯᠲᠠ᠂ ᠯᠠᠵᠤᠤ ᠶᠢᠨ ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠲᠠᠷᠢᠬᠤ ᠮᠡᠷᠭᠡᠵᠢᠯ ᠢ ᠳᠡᠭᠡᠭᠰᠢᠯᠡᠭᠦᠯᠬᠦ ᠵᠡᠷᠭᠡ ᠲᠤᠷᠰᠢᠯᠲᠠ ᠶᠢ ᠬᠢᠭᠰᠡᠨ ᠪᠥᠭᠡᠳ ᠵᠢᠱᠢᠭᠰᠡᠨ ᠬᠠᠷᠠᠯᠲᠠ ᠳᠠᠭᠠᠨ ᠬᠦᠷᠴᠡᠢ᠃ ︽ᠢᠦᠢ ᠴᠢᠤᠸᠠᠨ ᠲᠣᠭᠤᠷᠢᠭ ᠤᠨ ᠲᠤᠰᠬᠠᠶ ᠮᠡᠷᠭᠡᠵᠢᠯᠲᠡᠨ ᠤ ᠠᠵᠢᠯᠯᠠᠬᠤ ᠥᠷᠲᠡᠭᠡ︾ ᠮᠡᠷᠭᠡᠵᠢᠯ ᠤᠨ ᠪᠦᠯᠬᠦᠮ ᠲᠣᠮᠢᠯᠠᠵᠤ᠂ ᠲᠡᠷᠢᠭᠦᠨ ᠤ ᠳᠠᠷᠢᠬᠤ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠶᠢ ᠬᠡᠷᠡᠭᠯᠡᠨ᠂ ᠪᠥᠬᠦ ᠲᠤᠭᠤᠷᠢᠭ ᠤᠨ ᠢᠳᠡᠰᠢᠨ ᠨᠣᠭᠤᠭ᠎ᠠ ᠳᠠᠷᠢᠬᠤ ᠶᠠᠪᠤᠴᠠ ᠳᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠦᠢᠯᠡᠳᠦᠯ ᠢᠶᠠᠨ ᠪᠠᠳᠠᠷᠠᠭᠤᠯᠪᠠ᠃
     ᠣᠳᠣᠬᠠᠨ ᠳᠤ᠂ ᠢᠦᠶ ᠴᠢᠤᠸᠠᠨ ᠲᠣᠭᠤᠷᠢᠭ ᠤᠨ ᠢᠳᠡᠰᠢᠨ ᠨᠣᠭᠤᠭ᠎ᠠ ᠳᠠᠷᠢᠬᠤ ᠲᠠᠯᠠᠪᠠᠶ ᠪᠠᠷᠤᠭ 1.2 ᠲᠦᠮᠡᠨ ᠮᠥ ᠪᠠᠶᠢᠵᠤ᠂ ᠵᠢᠯ ᠤᠨ ᠶᠡᠷᠦᠩᠬᠡᠶ ᠭᠠᠷᠤᠯᠲᠠ ᠪᠠᠷᠤᠭ 4.6 ᠲᠦᠮᠡᠨ ᠲᠣᠨ ᠪᠠᠶᠢᠨ᠎ᠠ᠃ ᠲᠥᠬᠦᠭᠡᠷᠦᠮᠵᠢᠲᠦ ᠲᠠᠷᠢᠶᠠᠯᠠᠩ ᠳᠤ ᠳᠥᠷᠪᠡᠨ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠪᠠ ᠨᠢᠭᠡ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠪᠠᠶᠢᠵᠤ᠂ ᠶᠡᠷᠦᠩᠬᠡᠶ ᠲᠠᠯᠠᠪᠠᠶ ᠨᠢ ᠪᠠᠷᠤᠭ 3000 ᠮᠥ ᠪᠠᠶᠢᠵᠤ᠂ ᠨᠡᠶᠢᠲᠡ 371 ᠬᠦᠯᠡᠮᠵᠢ ᠶᠢᠨ ᠰᠠᠷᠠᠪᠴᠢ᠂ 494 ᠭᠤᠯᠳᠤᠩ ᠰᠠᠷᠠᠪᠴᠢ ᠲᠠᠢ ᠪᠠᠶᠢᠵᠤ᠂ ᠳᠠᠷᠢᠬᠤ ᠲᠥᠷᠥᠯ ᠵᠦᠢᠯ ᠳᠤ ᠡᠯ᠎ᠡ ᠲᠥᠷᠥᠯ ᠤᠨ ᠲᠥᠪᠡᠳ ᠬᠠᠰᠢ᠂ ᠥᠷᠭᠡᠰᠦᠲᠦ ᠬᠡᠮᠬᠡ᠂ ᠬᠠᠰᠢ᠂ ᠪᠢᠯᠢᠭᠲᠦ ᠬᠦᠷᠦᠭᠡᠰᠦ ᠲᠠᠷᠪᠤᠰ ᠵᠡᠷᠭᠡ ᠪᠠᠶᠢᠵᠤ᠂ ᠪᠥᠬᠦ ᠵᠢᠯ ᠤᠨ ᠭᠠᠷᠤᠯᠲᠠ ᠨᠢ ᠪᠠᠷᠤᠭ 0.7 ᠲᠦᠮᠡᠨ ᠲᠣᠨ ᠪᠣᠯᠤᠨ᠎ᠠ᠃ ᠵᠠᠳᠠᠭᠠᠢ ᠭᠠᠵᠠᠷ ᠤᠨ ᠨᠣᠭᠤᠭ᠎ᠠ ᠳᠠᠷᠢᠬᠤ ᠲᠠᠯᠠᠪᠠᠶ ᠪᠠᠷᠤᠭ 8600 ᠮᠥ ᠪᠠᠶᠢᠵᠤ᠂ ᠭᠤᠤᠯᠳᠠᠭᠤ ᠲᠥᠪᠡᠳ ᠬᠠᠰᠢ᠂ ᠴᠠᠭᠠᠨ ᠨᠣᠭᠤᠭ᠎ᠠ᠂ ᠯᠠᠵᠤᠤ ᠵᠡᠷᠭᠡ ᠶᠢ ᠳᠠᠷᠢᠵᠤ᠂ ᠵᠢᠯ ᠤᠨ ᠶᠡᠷᠦᠩᠬᠡᠶ ᠤᠨᠠᠯᠲᠠ ᠪᠠᠷᠤᠭ 3.9 ᠲᠦᠮᠡᠨ ᠲᠣᠨ ᠬᠦᠷᠪᠡ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠲᠤᠬᠠᠢ ᠶᠢᠨ ᠭᠠᠵᠠᠷ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠥᠪᠡᠷᠮᠢᠴᠡ ᠳᠠᠪᠠᠭᠤᠯᠢᠭ ᠲᠠᠭᠠᠨ ᠰᠠᠭᠤᠷᠢᠯᠠᠵᠤ᠂ ᠢᠦᠢ ᠴᠢᠤᠸᠠᠨ ᠲᠣᠭᠤᠷᠢᠭ ᠢ ᠮᠠᠨ ᠤ ᠬᠤᠳᠠ ᠶᠢᠨ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠵᠤ᠂ ᠲᠠᠷᠢᠮᠠᠯ ᠤᠨ ᠲᠠᠯᠠᠪᠠᠢ᠂ ᠪᠦᠲᠦᠭᠡᠭᠳᠡᠬᠦᠨ ᠤ ᠶᠠᠰᠤ ᠴᠢᠨᠠᠷ᠂ ᠪᠦᠲᠦᠭᠡᠭᠳᠡᠬᠦᠨ ᠤ ᠭᠠᠷᠤᠯᠲᠠ᠂ ᠡᠵᠡᠩᠨᠡᠯᠲᠡ ᠶᠢᠨ ᠭᠤᠣᠯ ᠴᠣᠭᠴᠠ᠂ ᠲᠦᠷᠦᠯ ᠲᠡᠮᠳᠡᠭ ᠤᠨ ᠡᠬᠢ ᠪᠠᠶᠠᠯᠢᠭ᠂ ᠪᠠᠷᠢᠮᠵᠢᠶ᠎ᠠ ᠶᠢᠨ ᠰᠢᠰᠲ᠋ᠧᠮᠵᠢ᠂ ᠪᠠᠷᠠᠭᠠᠨ ᠤ ᠭᠦᠢᠯᠭᠡᠭᠡᠨ ᠤ ᠰᠢᠰᠲ᠋ᠧᠮᠵᠢ᠂ ᠬᠠᠳᠠᠭᠠᠯᠠᠬᠤ ᠴᠢᠳᠠᠪᠤᠷᠢ ᠶᠢᠨ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢᠨ ᠬᠠᠮᠲᠤ᠂ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠪᠣᠯᠤᠨ ᠲᠤᠷᠰᠢᠯᠲᠠ ᠶᠢᠨ ᠲᠠᠷᠢᠮᠠᠯ ᠤᠨ ᠰᠠᠭᠤᠷᠢᠨ ᠭᠠᠵᠠᠷ ᠤᠨ ᠨᠥᠯᠥᠭᠡᠯᠡᠯ ᠳᠤ ᠲᠦᠰᠢᠭᠯᠡᠨ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠠᠷᠢᠮᠠᠯ ᠤᠨ ᠲᠠᠯᠠᠪᠠᠢ ᠶᠢ ᠦᠷᠭᠦᠯᠵᠢᠯᠡᠨ ᠥᠷᠭᠡᠳᠬᠡᠨ᠎ᠡ᠃ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠦᠢᠯᠡᠰ ᠤᠨ ᠲᠣᠮᠣ ᠲᠣᠭᠤᠷᠢᠭ ᠢ ᠪᠤᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠩᠬ᠎ᠠ ᠡᠳ᠋ᠰᠢᠭᠦᠯᠬᠦ᠂ ᠨᠠᠷᠢᠯᠢᠭ ᠡᠳ᠋ᠰᠢᠭᠦᠯᠬᠦ ᠶᠢ ᠬᠦᠴᠦᠷᠬᠡᠭᠵᠢᠭᠦᠯᠵᠦ᠂ ︽ᠪᠤᠶᠠᠨᠲᠤ ᠢᠦᠢ ᠴᠢᠤᠸᠠᠨ᠂ ᠲᠠᠷᠢᠶᠠᠨ ᠭᠠᠵᠠᠷ ᠤᠨ ᠰᠢᠯᠢᠳᠡᠭ ᠪᠦᠲᠦᠭᠡᠭᠳᠡᠬᠦᠨ︾ ᠣᠷᠣᠨ ᠪᠦᠰᠡ ᠶᠢᠨ ᠦᠢᠯᠡᠴᠢᠯᠡᠭᠡᠨ ᠤ ᠨᠡᠷᠡᠲᠦ ᠲᠦᠷᠦᠯ ᠲᠡᠮᠳᠡᠭ ᠢ ᠡᠭᠦᠳᠴᠦ᠂ ᠮᠠᠨ ᠤ ᠲᠤᠭᠤᠷᠢᠭ ᠤᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号