ᠪᠤᠳᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ᠄ ᠠᠷᠠᠳ ᠢᠷᠭᠡᠳ ᠤᠨ ᠵᠣᠭᠤᠰᠣᠨ ᠤᠭᠤᠲᠠ ᠶᠢ ᠰᠠᠬᠢᠵᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/8/26
     ᠥᠷᠭᠡᠨ ᠣᠯᠠᠨ ᠲᠦᠮᠡᠨ ᠤ ᠮᠡᠬᠡᠯᠡᠯ ᠢ ᠡᠰᠡᠷᠭᠦᠴᠡᠬᠦ ᠮᠡᠬᠡᠯᠡᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠠᠷᠠᠳ ᠣᠯᠠᠨ ᠤ ︽ᠵᠣᠭᠤᠰᠣᠨ ᠤᠭᠤᠲᠠ︾ ᠶᠢ ᠦᠨᠡᠨ ᠬᠦ ᠰᠠᠶᠢᠲᠤᠷ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠪᠤᠳᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ᠂ ᠢᠦᠢ ᠴᠢᠤᠸᠠᠨ ᠲᠣᠭᠤᠷᠢᠭ ᠤᠨ ᠯᠢᠩ ᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠢᠦᠶ ᠴᠢᠤᠸᠠᠨ ᠲᠠᠯᠠᠪᠠᠶ ᠳᠤ ︽ᠮᠡᠬᠡᠯᠡᠯ ᠢ ᠡᠰᠡᠷᠭᠦᠴᠡᠬᠦ ᠠᠵᠢᠯᠯᠠᠭ᠎ᠠ ᠶᠠᠪᠤᠭᠳᠠᠵᠤ᠂ ︿ᠵᠣᠭᠤᠰᠣᠨ ᠤᠭᠤᠲᠠ﹀ ᠶᠢ ᠰᠠᠶᠢᠲᠤᠷ ᠬᠠᠮᠠᠭᠠᠯᠠᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠲᠤᠬᠠᠶ ᠶᠢᠨ ᠡᠳᠦᠷ᠂ ᠠᠵᠢᠯᠲᠠᠳ ᠠᠯᠢ ᠡᠷᠲᠡ ᠲᠤᠬᠠᠶ ᠶᠢᠨ ᠲᠠᠯᠠᠪᠤᠷ ᠲᠤ ᠬᠦᠷᠴᠦ ᠪᠠᠶᠢᠷᠢᠯᠠᠭᠤᠯᠤᠯᠲᠠ ᠬᠢᠵᠡᠶ᠃ ᠬᠥᠮᠦᠨ ᠤ ᠤᠷᠤᠰᠬᠠᠯ ᠤᠨ ᠬᠡᠮᠵᠢᠶ᠎ᠡ ᠪᠠᠷ ᠨᠡᠯᠢᠶᠡᠳ ᠶᠡᠭᠡ ᠢᠦᠶ ᠴᠢᠤᠸᠠᠨ ᠠᠭᠤᠳᠠᠮ ᠲᠠᠯᠠᠪᠠᠶ ᠳᠤ ᠲᠤᠰᠬᠠᠶ ᠤᠬᠠᠭᠤᠯᠭ᠎ᠠ ᠶᠢᠨ ᠳᠡᠯᠭᠡᠭᠦᠷ ᠲᠤᠬᠢᠷᠠᠭᠤᠯᠵᠠᠢ᠃ ᠳᠡᠯᠭᠡᠭᠡ ᠮᠠᠶᠢᠮᠠᠶ ᠳᠡᠭᠡᠷ᠎ᠡ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠬᠠᠭᠤᠳᠠᠰᠤ ᠲᠠᠯᠪᠢᠵᠤ᠂ ᠭᠠᠭᠴᠠ ᠨᠢᠭᠤᠷ ᠲᠤ ᠲᠥᠬᠦᠮ ᠦᠭᠡ ᠬᠡᠯᠡ ᠪᠠ ᠠᠮᠢᠳᠤᠯᠢᠭ ᠳᠦᠷᠰᠦᠯᠢᠭ ᠬᠡᠷᠡᠭ ᠤᠨ ᠵᠢᠱᠢᠶ᠎ᠡ ᠪᠠᠷ ᠦᠷᠭᠦᠯᠵᠢ ᠲᠣᠬᠢᠶᠠᠯᠳᠤᠳᠠᠭ ᠡᠯ᠎ᠡ ᠵᠦᠢᠯ ᠤᠨ ᠮᠡᠬᠡᠯᠡᠬᠦ ᠠᠷᠭ᠎ᠠ ᠪᠠᠷᠢᠯ ᠪᠠᠶᠢᠵᠤ᠂ ᠵᠢᠱᠢᠶᠡᠯᠡᠪᠡᠯ᠂ ᠴᠠᠬᠢᠯᠭᠠᠨ ᠬᠤᠯᠪᠤᠭᠠᠨ ᠤ ᠮᠡᠬᠡᠯᠡᠯ᠂ ᠰᠦᠯᠵᠢᠶᠡᠨ ᠤ ᠮᠡᠬᠡᠯᠡᠯ᠂ ᠨᠠᠰᠤᠵᠢᠯ ᠤᠨ ᠮᠡᠬᠡᠯᠡᠯ ᠵᠡᠷᠭᠡ ᠵᠢᠴᠢ ᠬᠠᠷᠠᠭᠠᠯᠵᠠᠭᠰᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠨᠢᠯᠴᠠᠭᠤᠯᠵᠠᠢ᠃
     ᠠᠵᠢᠯᠲᠠᠳ ᠨᠠᠭᠠᠰᠢ ᠴᠠᠭᠠᠰᠢ ᠵᠣᠷᠴᠢᠬᠤ ᠣᠯᠠᠨ ᠲᠦᠮᠡᠨ ᠳᠤ ᠤᠬᠠᠭᠤᠯᠭ᠎ᠠ ᠶᠢᠨ ᠬᠠᠭᠤᠳᠠᠰᠤ ᠢᠳᠡᠪᠬᠢᠲᠡᠶ ᠲᠠᠷᠬᠠᠭᠠᠬᠤ ᠶᠢᠨ ᠬᠠᠮᠲᠤ ᠬᠠᠯᠠᠭᠤᠮᠰᠤᠭ ᠢᠶᠠᠷ ᠤᠬᠠᠭᠤᠯᠤᠨ ᠲᠠᠶᠢᠯᠪᠤᠷᠢᠯᠠᠪᠠ᠃ ᠲᠡᠳᠡ ᠣᠯᠠᠨ ᠲᠦᠮᠡᠨ ᠳᠤ ᠮᠡᠬᠡᠯᠡᠯ ᠤᠨ ᠡᠲᠡᠭᠡᠳ ᠤᠨ ᠰᠤᠷᠮᠠᠭᠠᠢ ᠵᠠᠯᠢ ᠮᠡᠭᠡ ᠶᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠰᠣᠨᠣᠷ ᠰᠡᠷᠡᠮᠵᠢ ᠲᠠᠢ ᠪᠠᠶᠢᠵᠤ᠂ ᠲᠠᠨᠢᠯ ᠪᠤᠰᠤ ᠬᠥᠮᠦᠨ ᠤ ᠤᠲᠠᠰᠤ ᠪᠠ ᠣᠬᠤᠷ ᠮᠡᠳᠡᠭᠡ ᠶᠢ ᠠᠮᠠᠷᠬᠠᠨ ᠢᠲᠡᠭᠡᠬᠦ ᠦᠭᠡᠢ᠂ ᠳᠤᠷ᠎ᠠ ᠪᠠᠷ ᠢᠶᠠᠨ ᠲᠣᠳᠣ ᠦᠭᠡᠢ ᠴᠥᠷᠬᠡᠯᠡᠭᠡ ᠶᠢ ᠳᠠᠷᠤᠬᠤ ᠦᠭᠡᠢ᠂ ᠲᠠᠨᠢᠯ ᠪᠤᠰᠤ ᠬᠥᠮᠦᠨ ᠳᠤ ᠬᠤᠪᠢ ᠬᠥᠮᠦᠨ ᠤ ᠮᠡᠳᠡᠭᠡ ᠵᠠᠩᠭᠢ ᠪᠠ ᠪᠠᠩᠬᠢ ᠶᠢᠨ ᠲᠠᠩᠰᠠᠨ ᠡᠷᠦᠬᠡ ᠶᠢᠨ ᠨᠢᠭᠤᠴᠠ ᠨᠣᠮᠧᠷ ᠵᠡᠷᠭᠡ ᠶᠢ ᠵᠠᠳᠠᠷᠠᠭᠤᠯᠬᠤ ᠦᠭᠡᠢ ᠪᠠᠶᠢᠬᠤ ᠶᠢ ᠰᠠᠨᠠᠭᠤᠯᠪᠠ᠃ ᠡᠭᠦᠨ ᠤ ᠬᠠᠮᠲᠤ᠂ ᠪᠠᠰᠠ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠮᠡᠬᠡᠯᠡᠯ ᠤᠨ ᠬᠤᠣᠷ ᠬᠥᠨᠥᠭᠡᠯ ᠪᠠ ᠦᠷ᠎ᠡ ᠳ᠋ᠦᠩ ᠢ ᠵᠠᠳᠠᠯᠵᠤ᠂ ᠣᠯᠠᠨ ᠲᠦᠮᠡᠨ ᠳᠤ ᠮᠡᠬᠡᠯᠡᠯ ᠢ ᠡᠰᠡᠷᠭᠦᠴᠡᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠪᠠ᠃      ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠢᠳᠡᠪᠬᠢᠲᠡᠶ ᠬᠦᠷᠢᠶᠡᠯᠡᠯ ᠪᠠ ᠳᠡᠮᠵᠢᠯᠭᠡ ᠶᠢ ᠣᠯᠵᠠᠶ᠃ ᠣᠯᠠᠨ ᠢᠶᠠᠷ ᠢᠶᠠᠨ᠂ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠮᠡᠬᠡᠯᠡᠬᠦ ᠠᠷᠭ᠎ᠠ ᠪᠠᠷᠢᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠤᠭᠰᠠᠨ ᠪᠥᠭᠡᠳ ᠪᠠᠰᠠ ᠮᠠᠰᠢ ᠣᠯᠠᠨ ᠪᠣᠳᠠᠲᠤ ᠬᠡᠷᠡᠭᠯᠡᠭᠡᠨ ᠤ ᠰᠡᠷᠭᠡᠶᠢᠯᠡᠬᠦ ᠠᠷᠭ᠎ᠠ ᠶᠢ ᠰᠤᠷᠴᠤ ᠣᠯᠵᠠᠶ ᠭᠡᠵᠦ ᠢᠯᠡᠷᠬᠡᠶᠢᠯᠡᠵᠡᠭᠡᠪᠡ᠃ ᠬᠤᠶᠢᠰᠢᠳᠠ ᠶᠢᠨ ᠠᠮᠢᠳᠤᠷᠠᠯ ᠳᠤᠮᠳᠠ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠥᠪᠡᠷ ᠤᠨ ︽ᠵᠣᠭᠤᠰᠣᠨ ᠤᠭᠤᠲᠠ︾ ᠪᠠᠨ ᠪᠠᠲᠤ ᠰᠠᠬᠢᠬᠤ ᠪᠣᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号