ᠭᠡᠷ ᠬᠥᠷᠥᠩᠭᠡ ᠶᠢᠨ ᠠᠰᠠᠷ ᠤᠨ ᠨᠢᠭᠡᠳᠦᠭᠡᠷ ᠤᠷᠤᠴᠠᠲᠤ ᠠᠰᠠᠷ ᠤᠨ ᠲᠦᠷᠦᠯ ᠵᠦᠢᠯ ᠤᠨ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠳᠡᠩᠰᠡᠯᠡᠯᠲᠡ ᠶᠢ ᠬᠠᠮᠵᠢᠨ ᠭᠦᠢᠴᠡᠳᠭᠡᠬᠦ ᠲᠤᠬᠠᠶ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2024/8/26
ᠬᠥᠬᠡᠬᠤᠲᠠ ᠶᠢᠨ ᠣᠷᠣᠨ ᠰᠠᠭᠤᠴᠠ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠥᠪ ᠲᠤ᠄            ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠯ ᠲᠦᠷᠦᠯ ᠵᠦᠢᠯ ᠤᠨ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠬᠤ ᠠᠵᠢᠯ ᠢ ᠲᠦᠷᠭᠡᠳᠬᠡᠬᠦ ᠲᠤᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠣᠲᠣ ᠪᠣᠯᠲᠠᠯ᠎ᠠ᠂ ᠲᠠᠨ ᠤ ᠨᠢᠭᠡᠴᠢ ︵ᠰᠡᠭᠦᠯᠡᠷ ᠨᠢ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠭᠡᠵᠦ ᠬᠠᠯᠠᠪᠠ︶ ᠶᠢᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠭᠰᠠᠨ ᠭᠡᠷ ᠬᠥᠷᠥᠩᠭᠡ ᠶᠢᠨ ᠠᠰᠠᠷ ᠤᠨ ᠨᠢᠭᠡᠳᠦᠭᠡᠷ ᠤᠷᠤᠴᠠᠲᠤ ᠠᠰᠠᠷ ᠤᠨ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠰᠢᠯᠵᠢᠭᠦᠯᠦᠨ ᠳᠡᠩᠰᠡᠯᠡᠵᠦ ᠰᠢᠢᠳᠪᠦᠷᠢᠯᠡᠬᠦ ᠠᠵᠢᠯ ᠬᠦᠨᠳᠦ ᠨᠣᠴᠢᠲᠠᠶ ᠬᠤᠴᠣᠷᠴᠤ᠂ ᠰᠠᠭᠤᠭᠠᠯᠢ ᠠᠷᠠᠳ ᠣᠯᠠᠨ ᠤᠳᠠᠭ᠎ᠠ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠦᠷᠴᠦ ᠳᠡᠭᠡᠭᠰᠢ ᠰᠤᠷᠪᠤᠯᠵᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠲᠣᠪᠤᠶᠢᠮ᠎ᠠ ᠪᠠᠶᠢᠨ᠎ᠠ᠃      ︽ᠲᠣᠭᠲᠠᠭᠠᠭᠰᠠᠨ ᠭᠤᠤᠯ ᠴᠣᠭᠴᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠬᠠᠮᠵᠢᠯᠴᠠᠨ ᠭᠦᠢᠴᠡᠳᠭᠡᠬᠦ ᠲᠤᠬᠠᠶ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠨᠠᠨ ᠬᠠᠷᠭᠤᠭᠤᠯᠤᠭᠰᠠᠨ ᠰᠠᠨᠠᠯ ᠤᠨ ᠲᠤᠬᠠᠶ ᠮᠡᠳᠡᠭᠳᠡᠯ︾ ︵ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠥᠰᠥᠭ ﹇2023﹈ 729 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ︽ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠨ ᠳᠠᠩᠰᠠᠯᠠᠬᠤ ᠠᠵᠢᠯ ᠢ ᠲᠦᠷᠭᠡᠳᠬᠡᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠥᠬᠦᠪᠥᠷᠢ ᠮᠡᠳᠡᠭᠳᠡᠯ︾ ︵ ﹇2021﹈ 2 — 133︶ ᠤᠨ ᠲᠣᠭᠲᠠᠭᠠᠯ ᠶᠣᠰᠣᠭᠠᠷ᠄ ︽ᠲᠥᠷᠥᠯ ᠵᠦᠢᠯ ᠨᠢ ᠬᠠᠷᠢᠶ᠎ᠠ ᠨᠢᠭᠡᠴᠢ ᠶᠢᠨ ᠥᠪᠡᠰᠦᠪᠡᠨ ᠪᠠᠶᠢᠭᠤᠯᠤᠭᠰᠠᠨ ᠬᠡᠷ ᠪᠠᠶᠢᠰᠢᠩ ᠪᠠᠷᠢᠮᠲᠠ ᠬᠢᠵᠦ ᠥᠭᠬᠦ ᠶᠢᠨ ᠠᠷᠭ᠎ᠠ ᠥᠬᠡᠶ ᠵᠡᠷᠭᠡ ᠰᠢᠯᠲᠠᠭᠠᠨ ᠠᠴᠠ ᠪᠣᠯᠵᠤ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠨ ᠳᠠᠩᠰᠠᠯᠠᠭᠤᠯᠬᠤ ᠶᠢᠨ ᠠᠷᠭ᠎ᠠ ᠦᠭᠡᠢ ᠪᠠᠶᠢᠪᠠᠯ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ ᠠᠴᠠ ᠭᠤᠶᠤᠴᠢᠯᠠᠬᠤ ᠭᠤᠤᠯ ᠴᠣᠭᠴᠠ ᠶᠢᠨ ᠬᠤᠪᠢ ᠪᠠᠷ ᠡᠷᠦᠬᠡ ᠬᠤᠪᠢᠶᠠᠨ ᠳᠠᠩᠰᠠᠯᠠᠭᠤᠯᠤᠨ᠎ᠠ︾᠃      ᠡᠳᠦᠭᠡ ᠲᠠᠨ ᠤ ᠨᠢᠭᠡᠴᠢ ᠳᠤ ᠮᠡᠳᠡᠭᠳᠡᠵᠦ᠂ ᠭᠡᠷ ᠬᠥᠷᠥᠩᠭᠡ ᠶᠢᠨ ᠠᠰᠠᠷ ᠤᠨ ᠨᠢᠭᠡᠳᠦᠭᠡᠷ ᠤᠷᠤᠴᠠᠲᠤ ᠠᠰᠠᠷ ᠤᠨ ᠲᠦᠷᠦᠯ ᠵᠦᠢᠯ ᠢ ᠴᠠᠩ ᠡᠾᠧ ᠯᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠠᠨ ᠤ ᠨᠢᠭᠡᠴᠢ ᠶᠢ ᠣᠷᠣᠯᠠᠨ ᠭᠤᠶᠤᠴᠢᠯᠠᠬᠤ ᠭᠤᠤᠯ ᠴᠣᠭᠴᠠ ᠶᠢᠨ ᠬᠤᠪᠢ ᠪᠠᠷ ᠰᠢᠯᠵᠢᠭᠦᠯᠬᠦ ᠳᠡᠩᠰᠡᠯᠡᠯᠲᠡ ᠬᠢᠯᠭᠡᠨ᠎ᠡ᠂ ᠡᠨᠡ ᠬᠤᠭᠤᠴᠠᠭᠠᠨ ᠳᠤ ᠪᠣᠶ ᠪᠣᠯᠤᠭᠰᠠᠨ ᠭᠠᠶᠢᠯᠢ ᠰᠦᠢᠳᠭᠡᠯ ᠵᠡᠷᠭᠡ ᠬᠠᠮᠢᠶ᠎ᠠ ᠪᠥᠬᠦᠶ ᠵᠠᠷᠤᠳᠠᠯ ᠢ ᠮᠥᠨ ᠬᠦ ᠲᠠᠨ ᠤ ᠨᠢᠭᠡᠴᠢ ᠠᠴᠠ ᠬᠠᠤᠯᠢ ᠲᠣᠭᠲᠠᠭᠠᠯ ᠶᠣᠰᠣᠭᠠᠷ ᠡᠭᠦᠷᠭᠡᠯᠡᠨ᠎ᠡ᠃      ᠣᠨᠴᠠᠭᠠᠶᠢᠯᠠᠨ ᠵᠠᠷᠯᠠᠪᠠ                   2024 ᠣᠨ ᠤ 8 ᠳ᠋ᠤᠭᠠᠷ ᠰᠠᠷ᠎ᠠ ᠶᠢᠨ 23 ᠤ ᠡᠳᠦᠷ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号