ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯ ᠢ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/8/27
     ᠡᠮ ᠤᠨ ᠵᠦᠢᠯ ᠢ ᠡᠵᠡᠩᠨᠡᠵᠦ ᠬᠡᠷᠡᠭᠯᠡᠬᠦ ᠭᠤᠭᠴᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠡᠮ ᠤᠨ ᠵᠦᠢᠯ ᠢ ᠰᠤᠭᠤᠴᠢᠨ ᠪᠠᠶᠢᠴᠠᠭᠠᠬᠤ ᠠᠵᠢᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠬᠢ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠨᠡᠶᠢᠲᠡ ᠶᠢᠨ ᠡᠮ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠦᠯᠦᠭᠡ᠂ ᠤᠶᠢᠷ᠎ᠠ ᠳᠤ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠲᠤᠭᠤᠷᠢᠭ ᠤᠨ ᠬᠡᠪᠴᠢᠶᠡᠨ ᠳᠤ ᠵᠢᠯ ᠤᠨ ᠡᠮ ᠤᠨ ᠵᠦᠢᠯ ᠢ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠡᠮ ᠤᠨ ᠵᠦᠢᠯ ᠤᠨ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ ᠢᠯᠡᠷᠡᠭᠦᠯᠵᠦ᠂ ᠡᠮ ᠤᠨ ᠵᠦᠢᠯ ᠤᠨ ᠵᠠᠬ᠎ᠠ ᠳᠡᠯᠭᠡᠭᠦᠷ ᠢ ᠴᠡᠪᠡᠷᠰᠢᠭᠦᠯᠵᠦ᠂ ᠡᠮ ᠤᠨ ᠵᠦᠢᠯ ᠢ ᠵᠢᠵᠢᠭᠯᠡᠨ ᠬᠤᠳᠠᠯᠳᠤᠬᠤ ᠨᠢᠭᠡᠴᠢ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠪᠠ᠃
     ᠬᠠᠤᠯᠢ ᠬᠡᠷᠡᠭᠵᠢᠭᠦᠯᠬᠦ ᠠᠵᠢᠯᠲᠠᠨ ᠡᠮ ᠤᠨ ᠵᠦᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠷᠣᠯᠠᠭᠤᠯᠭ᠎ᠠ ᠶᠢᠨ ᠬᠡᠮᠵᠢᠶ᠎ᠡ ᠪᠠᠷ ᠨᠡᠯᠢᠶᠡᠳ ᠶᠡᠭᠡ ᠪᠠᠶᠢᠭ᠎ᠠ ᠬᠢᠮᠢ ᠶᠢᠨ ᠡᠮ᠂ ᠬᠢᠲᠠᠳ ᠪᠡᠯᠡᠨ ᠡᠮ᠂ ᠬᠢᠲᠠᠳ ᠡᠮ ᠤᠨ ᠴᠢᠨᠠᠬᠤ ᠡᠮ ᠢ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠵᠤ᠂ ᠡᠮ ᠤᠨ ᠵᠦᠢᠯ ᠤᠨ ᠪᠠᠷᠠᠭ᠎ᠠ ᠶᠢ ᠳᠠᠭᠠᠬᠤ ᠬᠠᠭᠤᠳᠠᠰᠤ᠂ ᠪᠠᠷᠠᠭ᠎ᠠ ᠬᠠᠩᠭᠠᠬᠤ ᠲᠠᠯ᠎ᠠ ᠶᠢᠨ ᠬᠢᠷᠢ ᠬᠡᠮ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ᠂ ᠡᠮ ᠤᠨ ᠵᠦᠢᠯ ᠤᠨ ᠳᠠᠩᠰᠠᠯᠠᠭᠤᠯᠤᠭᠰᠠᠨ ᠪᠥᠭᠡᠮ ᠮᠠᠲ᠋ᠧᠷᠢᠶᠠᠯ ᠪᠠ ᠡᠮ ᠤᠨ  ᠵᠦᠢᠯ ᠢ ᠬᠠᠳᠠᠭᠠᠯᠠᠬᠤ ᠣᠷᠴᠢᠨ ᠲᠣᠭᠤᠷᠢᠨ ᠤ ᠳᠤᠯᠠᠭᠠᠨ ᠤ ᠬᠡᠮᠵᠢᠶ᠎ᠡ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠦᠯᠢᠭᠡᠷ ᠠᠪᠬᠤ ᠶᠠᠪᠤᠴᠠ ᠳᠤ᠂ ᠦᠯᠢᠭᠡᠷ ᠠᠪᠬᠤ ᠳᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠦᠯᠢᠭᠡᠷ ᠠᠪᠬᠤ ᠲᠤᠭ᠎ᠠ ᠬᠡᠮᠵᠢᠶ᠎ᠡ ᠨᠢ ᠣᠨᠣᠪᠴᠢᠲᠠᠶ᠂ ᠪᠢᠲᠡᠭᠦᠮᠵᠢᠯᠡᠨ ᠪᠤᠭᠤᠳᠠᠯᠯᠠᠬᠤ ᠨᠢ ᠵᠢᠷᠤᠮᠵᠢᠭᠤᠨ᠂ ᠶᠠᠪᠤᠴᠠ ᠨᠢ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠣᠳᠣᠬᠠᠨ ᠪᠣᠯᠲᠠᠯ᠎ᠠ᠂ ᠢᠦᠶ ᠴᠢᠤᠸᠠᠨ ᠲᠣᠭᠤᠷᠢᠭ ᠲᠤ ᠬᠢᠲᠠᠳ ᠡᠮ ᠤᠨ ᠴᠢᠨᠠᠬᠤ ᠡᠮ᠂ ᠬᠢᠲᠠᠳ ᠪᠡᠯᠡᠨ ᠡᠮ᠂ ᠬᠢᠮᠢ ᠶᠢᠨ ᠡᠮ ᠢ ᠨᠡᠶᠢᠲᠡ 74 ᠪᠦᠯᠦᠭ ᠤᠳᠠᠭ᠎ᠠ ᠰᠤᠭᠤᠴᠢᠨ ᠪᠠᠶᠢᠴᠠᠭᠠᠪᠠ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯ ᠢ ᠰᠤᠭᠤᠴᠢᠨ ᠪᠠᠶᠢᠴᠠᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠡᠮ ᠤᠨ ᠵᠦᠢᠯ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠮᠥᠷᠳᠡᠨ ᠰᠤᠭᠤᠴᠢᠨ ᠪᠠᠶᠢᠴᠠᠭᠠᠵᠤ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠡᠮ ᠤᠨ ᠵᠦᠢᠯ ᠢ ᠬᠠᠤᠯᠢ ᠶᠣᠰᠣᠭᠠᠷ ᠴᠢᠩᠭ᠎ᠠ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠨ᠂ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠰᠠᠨᠠᠭ᠎ᠠ ᠠᠮᠤᠷ ᠠᠮᠤᠷ ᠲᠦᠪᠰᠢᠨ ᠡᠮ ᠤᠨ ᠵᠦᠢᠯ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号