ᠬᠢᠷᠢ ᠲᠡᠩᠴᠡᠭᠰᠡᠨ ᠦᠭᠡᠢ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2024/8/28
     ᠮᠠᠨ ᠤ ᠲᠣᠪᠴᠢᠶ᠎ᠠ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠳᠣᠲᠣᠷ᠎ᠠ ᠠᠴᠠ 1 ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ︵ᠲᠥᠪ ᠠᠴᠠ ᠰᠢᠯᠵᠢᠭᠦᠯᠬᠦ︶ 2024 ᠣᠨ ᠤ ᠶᠡᠷᠦᠩᠬᠡᠶ ᠲᠣᠪᠴᠢᠶ᠎ᠠ ᠶᠢᠨ ᠰᠤᠭᠤᠴᠢᠨ ᠪᠠᠶᠢᠴᠠᠭᠠᠬᠤ ᠲᠥᠯᠥᠪᠯᠡᠭᠡ᠂ 2 ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ︵ᠮᠤᠵᠢ ᠶᠢᠨ ᠱᠠᠲᠤᠨ ᠤ ᠲᠣᠰ ᠱᠠᠲᠤ︶ 2024 ᠣᠨ ᠤ ᠥᠪᠥᠷ ᠮᠣᠩᠭᠤᠯ ᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠪᠠ 2 ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ︵ᠬᠤᠲᠠ ᠶᠢᠨ ᠱᠠᠲᠤᠨ ᠤ ᠲᠣᠰ ᠱᠠᠲᠤ︶ 2024 ᠣᠨ ᠤ ᠥᠪᠥᠷ ᠮᠣᠩᠭᠤᠯ ᠤᠨ ᠬᠥᠬᠡᠬᠤᠲᠠ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠤᠯᠵᠤ᠂ ᠰᠢᠯᠭᠠᠨ ᠪᠠᠶᠢᠴᠠᠭᠠᠭᠰᠠᠨ ᠳ᠋ᠦᠩ ᠨᠢ ᠬᠢᠷᠢ ᠲᠡᠩᠴᠡᠭᠰᠡᠨ ᠥᠬᠡᠶ᠃ ᠣᠲᠣ ᠬᠢᠷᠢ ᠲᠡᠩᠴᠡᠭᠰᠡᠨ ᠥᠬᠡᠶ ᠢᠳᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠬᠥᠬᠡᠬᠤᠲᠠ ᠶᠢᠨ ᠰᠢᠨ ᠷᠥᠩ ᠴᠠᠩ ᠢᠳᠡᠭᠡᠨ ᠤ ᠬᠢᠵᠠᠭᠠᠷᠲᠤ ᠺᠣᠮᠫᠠᠨᠢ      ︵ᠨᠢᠭᠡ︶ ᠰᠤᠭᠤᠴᠢᠨ ᠪᠠᠶᠢᠴᠠᠭᠠᠭᠰᠠᠨ ᠦᠨᠳᠦᠰᠦᠨ ᠪᠠᠶᠢᠳᠠᠯ      1. ᠦᠯᠢᠭᠡᠷ ᠡᠳ᠋ ᠤᠨ ᠨᠡᠷᠡᠶᠢᠳᠦᠯ᠄ ᠨᠢᠰᠢᠩᠭᠦ ᠶᠢᠨ ᠤᠯᠠᠭᠠᠨ ᠡᠯᠡᠰᠦᠨ ᠰᠢᠬᠢᠷ︔ ᠦᠯᠢᠭᠡᠷ ᠠᠪᠬᠤ ᠰᠠᠭᠤᠷᠢ ᠲᠤᠭ᠎ᠠ ᠄ 10 ᠤᠭᠤᠲᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠶᠡᠷᠦᠩᠬᠡᠢ ᠰᠢᠬᠢᠷ ᠤᠨ ᠬᠤᠪᠢ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃      2. ᠦᠯᠢᠭᠡᠷ ᠡᠳ᠋ ᠤᠨ ᠨᠡᠷᠡᠶᠢᠳᠦᠯ᠄ ᠪᠠᠶᠢᠭᠠᠯᠢ ᠶᠢᠨ ᠨᠢᠰᠢᠩᠭᠦ ᠶᠢᠨ ᠤᠯᠠᠭᠠᠨ ᠡᠯᠡᠰᠦᠨ ᠰᠢᠬᠢᠷ︔ ᠦᠯᠢᠭᠡᠷ ᠠᠪᠬᠤ ᠰᠠᠭᠤᠷᠢ ᠲᠤᠭ᠎ᠠ᠄ 5 ᠤᠭᠤᠲᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠶᠡᠷᠦᠩᠬᠡᠢ ᠰᠢᠬᠢᠷ ᠤᠨ ᠬᠤᠪᠢ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠢᠨᠠᠨ ᠦᠨᠡᠯᠡᠬᠦ ᠪᠠᠶᠢᠴᠠᠭᠠᠨ ᠰᠢᠯᠭᠠᠬᠤ ᠲᠥᠪ᠃      3. ᠦᠯᠢᠭᠡᠷ ᠡᠳ᠋ ᠤᠨ ᠨᠡᠷᠡᠶᠢᠳᠦᠯ᠄ ᠴᠠᠰᠤᠨ ᠰᠢᠬᠢᠷ︔ ᠥᠯᠢᠭᠡᠷ ᠠᠪᠬᠤ ᠰᠠᠭᠤᠷᠢ ᠲᠤᠭ᠎ᠠ ᠄ 10 ᠤᠭᠤᠲᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠰᠡᠷᠭᠦᠭᠡᠬᠦ ᠰᠢᠬᠢᠷ ᠤᠨ ᠬᠤᠪᠢ᠂ ᠶᠡᠷᠦᠩᠬᠡᠶ ᠰᠢᠬᠢᠷ ᠤᠨ ᠬᠤᠪᠢ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠢᠨᠠᠨ ᠦᠨᠡᠯᠡᠬᠦ ᠪᠠᠶᠢᠴᠠᠭᠠᠨ ᠰᠢᠯᠭᠠᠬᠤ ᠲᠥᠪ᠃      4. ᠦᠯᠢᠭᠡᠷ ᠡᠳ᠋ ᠤᠨ ᠨᠡᠷᠡᠶᠢᠳᠦᠯ᠄ ᠨᠠᠷᠢᠯᠢᠬ ᠦᠢᠯᠡᠳᠦᠭᠰᠡᠨ ᠴᠠᠰᠤᠨ ᠰᠢᠬᠢᠷ︔ ᠥᠯᠢᠭᠡᠷ ᠠᠪᠬᠤ ᠰᠠᠭᠤᠷᠢ ᠲᠤᠭ᠎ᠠ᠄ 10 ᠤᠭᠤᠲᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠰᠡᠷᠭᠦᠭᠡᠬᠦ ᠰᠢᠬᠢᠷ ᠤᠨ ᠬᠤᠪᠢ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃      ︵ᠬᠤᠶᠠᠷ︶ ᠬᠢᠷᠢ ᠲᠡᠩᠴᠡᠭᠰᠡᠨ ᠦᠭᠡᠢ ᠢᠳᠡᠭᠡᠨ ᠢ ᠰᠢᠢᠳᠪᠦᠷᠢᠯᠡᠭᠰᠡᠨ ᠪᠠᠶᠢᠳᠠᠯ      ᠬᠥᠬᠡᠬᠤᠲᠠ ᠶᠢᠨ ᠰᠢᠨ ᠷᠦᠩ ᠴᠠᠩ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠵᠦ ᠡᠵᠡᠩᠨᠡᠭᠰᠡᠨ ᠢᠳᠡᠭᠡᠨ ᠨᠢ ᠱᠣᠰᠢᠭ᠎ᠠ ᠶᠢᠨ ᠠᠭᠤᠯᠭ᠎ᠠ ᠲᠠᠢ ᠨᠡᠶᠢᠴᠡᠬᠦ ᠦᠭᠡᠢ ᠪᠠᠶᠢᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠳᠠᠯᠠᠨ ᠨᠢᠭᠡᠳᠦᠭᠡᠷ ᠵᠤᠷᠪᠤᠰ ᠤᠨ ᠨᠢᠭᠡᠳᠦᠭᠡᠷ ᠪᠠᠳᠠᠭ ᠤᠨ ᠲᠣᠭᠲᠠᠭᠠᠯ ᠢ ᠵᠥᠷᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠵᠠᠭᠤ ᠬᠤᠷᠢᠨ ᠲᠠᠪᠤᠳᠤᠭᠠᠷ ᠵᠤᠷᠪᠤᠰ ᠤᠨ ᠨᠢᠭᠡᠳᠦᠭᠡᠷ ᠪᠠᠳᠠᠭ ᠤᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠰᠢᠢᠳᠬᠡᠯ ᠥᠭᠪᠡ᠃      ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ ᠵᠢᠴᠢ ᠲᠠᠬᠢᠨ ᠪᠠᠶᠢᠴᠠᠭᠠᠭᠰᠠᠨ ᠪᠠᠶᠢᠳᠠᠯ      ᠬᠥᠬᠡᠬᠤᠲᠠ ᠶᠢᠨ ᠰᠢᠨ ᠷᠦᠩ ᠴᠠᠩ ᠢᠳᠡᠭᠡᠨ ᠤ ᠬᠢᠵᠠᠭᠠᠷᠲᠤ ᠺᠣᠮᠫᠠᠨᠢ ᠨᠢᠭᠡᠨᠲᠡ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠬᠤ ᠮᠡᠳᠡᠭᠦᠯᠦᠯᠲᠡ ᠳᠡᠪᠰᠢᠭᠦᠯᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠭᠦᠨ ᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠬᠢᠨ ᠪᠠᠶᠢᠴᠠᠭᠠᠵᠤ ᠰᠢᠯᠭᠠᠨ ᠠᠪᠤᠪᠠ᠃        ᠬᠤᠶᠠᠷ᠂ ᠥᠪᠥᠷ ᠮᠣᠩᠭᠤᠯ ᠤᠨ ᠾᠦᠢ ᠰᠢᠶᠠᠩ ᠶᠤᠸᠠᠨ ᠢᠳᠡᠭᠡᠨ ᠤ ᠬᠢᠵᠠᠭᠠᠷᠲᠤ ᠺᠣᠮᠫᠠᠨᠢ      ︵ᠨᠢᠭᠡ︶ ᠰᠤᠭᠤᠴᠢᠨ ᠪᠠᠶᠢᠴᠠᠭᠠᠭᠰᠠᠨ ᠦᠨᠳᠦᠰᠦᠨ ᠪᠠᠶᠢᠳᠠᠯ      ᠦᠯᠢᠭᠡᠷ ᠡᠳ᠋ ᠤᠨ ᠨᠡᠷᠡᠶᠢᠳᠦᠯ᠄ ᠵᠢᠵᠢᠭ ᠰᠢᠷ᠎ᠠ ᠭᠠ ᠶᠢᠨ ᠨᠤᠨᠲᠠᠭ︔ ᠦᠯᠢᠭᠡᠷ ᠠᠪᠬᠤ ᠰᠠᠭᠤᠷᠢ ᠲᠤᠭ᠎ᠠ᠄ 6 ᠯᠣᠩᠬᠤ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠬᠦᠬᠦᠷ ᠤᠨ ᠳᠠᠪᠬᠤᠷ ᠢᠰᠦᠯ ᠤᠨ ᠦᠯᠡᠳᠡᠭᠳᠡᠯ ᠬᠡᠮᠵᠢᠶ᠎ᠡ ︵ᠶᠡᠷᠦᠩᠬᠡᠶ ᠬᠡᠮᠵᠢᠶ᠎ᠡ︶︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃      ︵ᠬᠤᠶᠠᠷ︶ ᠬᠢᠷᠢ ᠲᠡᠩᠴᠡᠭᠰᠡᠨ ᠦᠭᠡᠢ ᠢᠳᠡᠭᠡᠨ ᠢ ᠰᠢᠢᠳᠪᠦᠷᠢᠯᠡᠭᠰᠡᠨ ᠪᠠᠶᠢᠳᠠᠯ      ᠥᠪᠥᠷ ᠮᠣᠩᠭᠤᠯ ᠤᠨ ᠾᠦᠢ ᠰᠢᠶᠠᠩ ᠶᠤᠸᠠᠨ ᠢᠳᠡᠭᠡᠨ ᠤ ᠬᠢᠵᠠᠭᠠᠷᠲᠤ ᠺᠣᠮᠫᠠᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠢᠳᠡᠭᠡᠨ ᠦᠢᠯᠡᠳᠪᠦᠷᠢᠯᠡᠨ ᠡᠵᠡᠩᠨᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠳᠥᠷᠪᠡᠳᠦᠭᠡᠷ ᠵᠤᠷᠪᠤᠰ ᠤᠨ ᠨᠢᠭᠡᠳᠦᠭᠡᠷ ᠪᠠᠳᠠᠭ ᠤᠨ ᠬᠤᠶᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠵᠠᠭᠤ ᠬᠤᠷᠢᠨ ᠳᠦᠷᠪᠡᠳᠦᠭᠡᠷ ᠵᠤᠷᠪᠤᠰ ᠤᠨ ᠨᠢᠭᠡᠳᠦᠭᠡᠷ ᠪᠠᠳᠠᠭ ᠤᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠰᠢᠢᠳᠬᠡᠯ ᠥᠭᠪᠡ᠃      ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ ᠵᠢᠴᠢ ᠲᠠᠬᠢᠨ ᠪᠠᠶᠢᠴᠠᠭᠠᠭᠰᠠᠨ ᠪᠠᠶᠢᠳᠠᠯ      ᠥᠪᠥᠷ ᠮᠣᠩᠭᠤᠯ ᠤᠨ ᠾᠦᠢ ᠰᠢᠶᠠᠩ ᠶᠤᠸᠠᠨ ᠢᠳᠡᠭᠡᠨ ᠤ ᠬᠢᠵᠠᠭᠠᠷᠲᠤ ᠺᠣᠮᠫᠠᠨᠢ ᠨᠢᠭᠡᠨᠲᠡ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠬᠤ ᠮᠡᠳᠡᠭᠦᠯᠦᠯᠲᠡ ᠳᠡᠪᠰᠢᠭᠦᠯᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠭᠦᠨ ᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠬᠢᠨ ᠪᠠᠶᠢᠴᠠᠭᠠᠵᠤ ᠰᠢᠯᠭᠠᠨ ᠠᠪᠤᠪᠠ᠃        ᠡᠭᠦᠨ ᠤ ᠲᠤᠯᠠ ᠣᠨᠴᠠᠭᠠᠶᠢᠯᠠᠨ ᠵᠠᠷᠯᠠᠪᠠ᠃      ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                    2024 ᠣᠨ ᠤ 8 ᠳ᠋ᠤᠭᠠᠷ ᠰᠠᠷ᠎ᠠ ᠶᠢᠨ 26 ᠤ ᠡᠳᠦᠷ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号