ᠡᠶ᠎ᠡ ᠵᠤᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ ᠨᠢᠭᠡᠴᠢ ᠶᠢ ᠮᠠᠭᠠᠳᠯᠠᠨ ᠲᠣᠭᠲᠠᠭᠠᠬᠤ ᠲᠤᠬᠠᠢ ᠢᠦᠢ ᠴᠢᠤᠸᠠᠨ ᠲᠣᠭᠤᠷᠢᠭ ᠤᠨ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠵᠥᠪᠯᠡᠯ ᠤᠨ ᠠᠯᠪᠠᠨ ᠭᠡᠷ ᠤᠨ ᠵᠠᠷᠯᠠᠯ
ᠨᠡᠶᠢᠲᠡᠯᠡᠭᠰᠡᠨ ᠴᠠᠭ᠄
2024/8/29
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ ᠨᠢᠭᠡᠴᠢ ᠶᠢ ᠦᠨᠡᠯᠡᠬᠦ ᠵᠢᠷᠤᠮᠵᠢᠯ ᠢ ᠬᠡᠷᠡᠭᠵᠢᠭᠦᠯᠬᠦ ᠲᠤᠬᠠᠶ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ ᠨᠢᠭᠡᠴᠢ ︵ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︽ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ ᠨᠢᠭᠡᠴᠢ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠮᠠᠭᠠᠳᠯᠠᠨ ᠲᠣᠭᠲᠠᠭᠠᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠢᠦᠶ ᠴᠢᠤᠸᠠᠨ ᠲᠣᠭᠤᠷᠢᠭ ᠤᠨ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠵᠦᠪᠯᠡᠯ ᠢᠶᠠᠷ ᠬᠢᠨᠠᠨ ᠬᠠᠷᠭᠤᠭᠤᠯᠤᠭᠤᠯᠤᠭᠠᠳ᠂ ᠡᠳᠦᠭᠡ ᠮᠠᠨ ᠤ ᠲᠤᠭᠤᠷᠢᠭ ᠤᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠮᠠᠭᠠᠳᠯᠠᠨ ᠲᠤᠭᠲᠠᠭᠠᠭᠰᠠᠨ ᠨᠢᠭᠡᠴᠢ ᠶᠢᠨ ᠨᠡᠷᠡᠰ ᠢ ᠳᠣᠤᠷᠠᠬᠢ ᠮᠡᠲᠦ ᠵᠠᠷᠯᠠᠶ᠎ᠠ ︵ᠨᠡᠷᠡᠰ ᠤᠨ ᠵᠢᠭᠰᠠᠭᠠᠯᠲᠠ ᠶᠢ ᠡᠮᠦᠨ᠎ᠡ ᠬᠤᠶᠢᠨ᠎ᠠ ᠭᠡᠵᠦ ᠬᠤᠪᠢᠶᠠᠬᠤ ᠥᠬᠡᠶ︶᠂ ᠬᠡᠷᠪᠡ ᠢᠯᠡ ᠨᠡᠶᠢᠲᠡᠯᠡᠭᠰᠡᠨ ᠨᠢᠭᠡᠴᠢ ᠳᠤ ᠰᠢᠯᠭᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠬᠦ ᠥᠬᠡᠶ ᠪᠠᠶᠢᠳᠠᠯ ᠣᠷᠣᠰᠢᠵᠤ ᠪᠠᠶᠢᠪᠠᠯ᠂ ᠢᠦᠶ ᠴᠢᠤᠸᠠᠨ ᠲᠣᠭᠤᠷᠢᠭ ᠤᠨ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠵᠦᠪᠯᠡᠯ ᠤᠨ ᠠᠯᠪᠠᠨ ᠬᠡᠷ ᠲᠤ ᠲᠤᠰᠬᠠᠬᠤ ᠪᠣᠯᠪᠠᠤ᠃ ᠵᠠᠷᠯᠠᠨ ᠨᠡᠶᠢᠲᠡᠯᠡᠬᠦ ᠴᠠᠭ ᠨᠢ 7 ᠠᠵᠢᠯᠯᠠᠬᠤ ᠡᠳᠦᠷ ︵2024 ᠣᠨ ᠤ 8 ᠳ᠋ᠤᠭᠠᠷ ᠰᠠᠷ᠎ᠠ ᠶᠢᠨ 29 ᠤ ᠡᠳᠦᠷ ᠠᠴᠠ 2024 ᠣᠨ ᠤ 9 ᠳ᠋ᠤᠭᠠᠷ ᠰᠠᠷ᠎ᠠ ᠶᠢᠨ 9 ᠤ ᠡᠳᠦᠷ︶ ᠭᠥᠯᠢᠶᠡᠨ ᠠᠪᠴᠤ ᠰᠢᠢᠳᠪᠦᠷᠢᠯᠡᠬᠦ ᠤᠲᠠᠰᠤ᠄ 0471 — 5611903      ᠢᠦᠢ ᠴᠢᠤᠸᠠᠨ ᠲᠣᠭᠤᠷᠢᠭ ᠤᠨ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠵᠥᠪᠯᠡᠯ ᠤᠨ ᠠᠯᠪᠠᠨ ᠭᠡᠷ               2024 ᠣᠨ ᠤ 8 ᠳ᠋ᠤᠭᠠᠷ ᠰᠠᠷ᠎ᠠ ᠶᠢᠨ 29 ᠤ ᠡᠳᠦᠷ
         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号