ᠨᠢᠭᠡ᠂ ᠠᠵᠢᠯ ᠤᠨ ᠡᠭᠦᠷᠭᠡ ᠬᠠᠷᠢᠭᠤᠴᠠᠯᠭ᠎ᠠ | 1.ᠲᠤᠭᠤᠷᠢᠭ ᠤᠨ ᠵᠠᠰᠠᠭ ᠤᠨ ᠣᠷᠳᠣᠨ ᠤ ᠬᠤᠷᠠᠯ ᠤᠨ ᠵᠣᠬᠢᠶᠠᠨ ᠪᠠᠶᠢᠭᠤᠯᠬᠤ ᠪᠡᠯᠡᠳᠬᠡᠯ ᠠᠵᠢᠯ ᠢ | ᠬᠠᠷᠢᠭᠤᠴᠠᠵᠤ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠤᠨ ᠬᠡᠷᠡᠭ ᠶᠠᠪᠤᠳᠠᠯ ᠤᠨ | ᠬᠡᠷᠡᠭᠵᠢᠭᠦᠯᠦᠯᠲᠡ ᠶᠢ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ᠎ᠠ᠃ | 2.ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠵᠠᠰᠠᠭ ᠤᠨ ᠣᠷᠳᠣᠨ᠂ | ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠤᠨ | ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ︔ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ | ᠨᠥᠬᠦᠳ ᠤᠨ ᠶᠠᠷᠢᠶ᠎ᠠ ᠵᠢᠴᠢ ᠠᠵᠢᠯ ᠤᠨ ᠢᠯᠡᠳᠬᠡᠯ ᠵᠡᠷᠭᠡ ᠡᠬᠡ ᠨᠤᠤᠷᠠᠭ ᠢ ᠵᠣᠬᠢᠶᠠᠨ ᠪᠠᠶᠢᠭᠤᠯᠵᠤ ᠲᠤᠭᠤᠷᠪᠢᠨ | ᠪᠢᠴᠢᠨ᠎ᠡ᠃ | 3. ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠡᠯ᠎ᠡ ᠰᠠᠯᠠᠭ᠎ᠠ ᠮᠥᠴᠢᠷ ᠤᠨ ᠵᠢᠭᠠᠪᠤᠷᠢ ᠠᠪᠬᠤ ᠬᠠᠮᠢᠶ᠎ᠠ ᠪᠥᠬᠦᠶ ᠠᠰᠠᠭᠤᠳᠠᠯ ᠢ ᠰᠤᠳᠤᠯᠵᠤ᠂ ᠬᠢᠨᠠᠨ | ᠬᠠᠷᠭᠤᠭᠤᠯᠤᠭᠰᠠᠨ ᠰᠠᠨᠠᠯ ᠢᠶᠠᠨ ᠳᠤᠷᠠᠳᠴᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ | ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ | 4. ᠲᠤᠭᠤᠷᠢᠭ ᠤᠨ ᠤᠳᠤᠷᠢᠳᠤᠯᠭ᠎ᠠ ᠶᠢᠨ ᠵᠢᠭᠠᠪᠤᠷᠢ ᠶᠢ ᠦᠨᠳᠦᠰᠦᠯᠡᠨ᠂ ᠲᠤᠭᠤᠷᠢᠭ ᠤᠨ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠴᠢᠬᠤᠯᠠ ᠠᠰᠠᠭᠤᠳᠠᠯ ᠤᠳ ᠢ ᠵᠣᠬᠢᠴᠠᠭᠤᠯᠵᠤ᠂ | ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠲᠣᠭᠲᠠᠭᠠᠯᠭᠠᠨ᠎ᠠ᠃ | 5. ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠣᠭᠤᠷᠢᠭ ᠤᠨ | ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠢᠶᠠᠷ ᠲᠣᠭᠲᠠᠭᠠᠭᠰᠠᠨ ᠵᠦᠢᠯᠡᠰ ᠵᠢᠴᠢ ᠤᠳᠤᠷᠢᠳᠬᠤ | ᠨᠥᠬᠦᠳ ᠤᠨ ᠬᠤᠯᠪᠣᠭᠳᠠᠯ ᠪᠦᠬᠦᠢ ᠵᠢᠭᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ | ᠪᠠᠶᠢᠴᠠᠭᠠᠬᠤ ᠶᠢᠨ ᠬᠠᠮᠲᠤ ᠮᠥᠷᠳᠡᠨ ᠪᠠᠶᠢᠴᠠᠭᠠᠨ ᠰᠤᠳᠤᠯᠵᠤ᠂ ᠲᠣᠭᠤᠷᠢᠭ ᠤᠨ ᠵᠠᠰᠠᠭ ᠤᠨ ᠣᠷᠳᠣᠨ ᠤ | ᠤᠳᠤᠷᠢᠳᠬᠤ ᠨᠥᠬᠦᠳ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ︔ ᠵᠣᠬᠢᠶᠠᠨ ᠪᠠᠶᠢᠭᠤᠯᠬᠤ᠂ ᠵᠢᠯᠣᠭᠤᠳᠬᠤ᠂ | ᠰᠠᠨᠠᠭᠤᠯᠭ᠎ᠠ ᠭᠠᠷᠭᠠᠬᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠬᠢᠨ᠎ᠠ᠃ | 6. ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠴᠤ᠂ ᠲᠤᠭᠤᠷᠢᠭ ᠤᠨ | ᠵᠠᠰᠠᠭ ᠤᠨ ᠣᠷᠳᠣᠨ ᠤ ᠰᠢᠭᠤᠳ ᠰᠢᠢᠳᠪᠦᠷᠢᠯᠡᠬᠦ ᠴᠢᠬᠤᠯᠠᠲᠠᠢ ᠭᠡᠨᠡᠳᠲᠡ ᠶᠢᠨ ᠬᠡᠷᠡᠭ ᠪᠣᠯᠤᠨ ᠴᠢᠬᠤᠯᠠ ᠶᠡᠭᠡ | ᠬᠡᠷᠡᠭ ᠶᠠᠪᠤᠳᠠᠯ ᠢ ᠰᠢᠢᠳᠪᠦᠷᠢᠯᠡᠨ᠎ᠡ᠃ | 7. ᠪᠥᠬᠦ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠶᠢ ᠬᠠᠷᠢᠭᠤᠴᠠᠵᠤ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ | 8. ᠪᠥᠬᠦ ᠲᠤᠭᠤᠷᠢᠭ ᠤᠨ ᠠᠵᠤ ᠦᠢᠯᠡᠳᠪᠦᠷᠢ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠪᠠᠶᠢᠴᠠᠭᠠᠨ | ᠰᠤᠳᠤᠯᠬᠤ᠂ ᠵᠢᠯᠣᠭᠤᠳᠬᠤ᠂ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠪᠥᠬᠦ ᠲᠤᠭᠤᠷᠢᠭ ᠤᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | 9. ᠪᠦᠬᠦ ᠲᠤᠭᠤᠷᠢᠭ ᠤᠨ ᠤᠯᠠᠨ ᠨᠡᠶᠢᠳᠡ ᠶᠢᠨ ᠡᠨᠧᠷᠬᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 10. ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠵᠢᠴᠢ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ | ᠠᠵᠢᠯ ᠤᠨ ᠠᠦ᠋ᠲ᠋ᠣᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | 11.ᠲᠤᠭᠤᠷᠢᠭ ᠤᠨ ᠲᠣᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ | 12.ᠲᠣᠭᠤᠷᠢᠭ ᠤᠨ ᠵᠠᠰᠠᠭ ᠤᠨ ᠣᠷᠳᠣᠨ ᠤ ᠵᠢᠵᠢᠭᠦᠷᠯᠡᠬᠦ ᠠᠵᠢᠯ ᠢ ᠬᠠᠷᠢᠭᠤᠴᠠᠵᠤ᠂ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠡᠯ᠎ᠡ | ᠰᠠᠯᠠᠭ᠎ᠠ ᠮᠥᠴᠢᠷ ᠪᠠ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠲᠣᠭᠤᠷᠢᠭ ᠤᠨ ᠵᠠᠰᠠᠭ ᠤᠨ ᠣᠷᠳᠣᠨ ᠳᠤ | ᠲᠤᠰᠬᠠᠭᠰᠠᠨ ᠴᠢᠬᠤᠯᠠ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃ | 13. ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠭ᠎ᠠ ᠶᠢᠨ ᠳᠣᠲᠣᠭᠠᠳᠤ ᠶᠢᠨ ᠠᠮᠤᠷ | ᠲᠦᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠬᠡᠪ ᠤᠨ ᠠᠵᠢᠯ ᠤᠨ ᠡᠮᠬᠢ ᠵᠢᠷᠤᠮ ᠢ | ᠬᠠᠮᠠᠭᠠᠯᠠᠨ᠎ᠠ᠃ | 14.ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠢ ᠶᠢᠨ ᠲᠡᠷᠭᠡ | ᠬᠥᠰᠬᠡ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠠᠯᠭᠠᠰᠤ᠂ ᠵᠡᠭᠡᠯᠢ | ᠭᠤᠳᠤᠮᠵᠢ ᠶᠢᠨ ᠲᠡᠷᠭᠡ ᠬᠥᠰᠬᠡ ᠶᠢᠨ ᠣᠷᠣᠨ ᠲᠤᠭ᠎ᠠ ᠶᠢᠨ ᠠᠵᠢᠯ ᠢ ᠵᠢᠯᠣᠭᠤᠳᠤᠨ᠎ᠠ᠃ | 15. ᠪᠥᠬᠦ ᠲᠤᠭᠤᠷᠢᠭ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ᠂ ᠤᠷᠢᠳᠴᠢᠯᠠᠨ ᠰᠡᠷᠡᠮᠵᠢᠯᠡᠭᠦᠯᠬᠦ ᠪᠠ ᠵᠣᠬᠢᠶᠠᠨ ᠪᠠᠶᠢᠭᠤᠯᠵᠤ ᠠᠪᠤᠷᠠᠨ | ᠲᠤᠰᠠᠯᠠᠬᠤ ᠠᠵᠢᠯ ᠢ ᠬᠠᠷᠢᠭᠤᠴᠠᠨ᠎ᠠ᠃ | 16. ᠪᠥᠬᠦ ᠲᠤᠭᠤᠷᠢᠭ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠬᠠᠷᠢᠭᠤᠴᠠᠨ᠎ᠠ᠃ | 17. ᠲᠣᠭᠤᠷᠢᠭ ᠤᠨ ᠵᠠᠰᠠᠭ ᠤᠨ ᠣᠷᠳᠣᠨ ᠪᠣᠯᠤᠨ ᠬᠤᠲᠠ ᠶᠢᠨ ᠵᠠᠰᠠᠭ ᠤᠨ ᠣᠷᠳᠣᠨ ᠤ ᠠᠯᠪᠠᠨ | ᠲᠢᠩᠬᠢᠮ ᠠᠴᠠ ᠲᠤᠰᠢᠶᠠᠭᠰᠠᠨ ᠪᠤᠰᠤᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃ | | ᠬᠤᠶᠠᠷ᠂ ᠳᠣᠲᠣᠭᠠᠳᠤ ᠰᠠᠯᠠᠭ᠎ᠠ ᠲᠠᠰᠤᠭ ᠤᠨ ᠪᠠᠶᠢᠷᠢᠯᠠᠭᠤᠯᠤᠯᠲᠠ | ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠣᠤᠷ᠎ᠠ | ᠳᠣᠲᠣᠭᠠᠳᠤ ᠳᠠᠭᠠᠨ 8 ᠰᠠᠯᠠᠭ᠎ᠠ ᠲᠠᠰᠤᠭ ᠲᠠᠢ | 1. ᠨᠠᠷᠢᠨ ᠪᠢᠴᠢᠭᠡᠴᠢ ᠶᠢᠨ ᠲᠠᠰᠤᠭ | ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠪᠠ ᠠᠯᠪᠠᠨ ᠬᠡᠷ ᠤᠨ ᠡᠷᠬᠢᠯᠡᠭᠴᠢ ᠶᠢ ᠬᠠᠮᠵᠢᠨ | ᠲᠣᠭᠤᠷᠢᠭ ᠤᠨ ᠵᠠᠰᠠᠭ ᠤᠨ ᠣᠷᠳᠣᠨ ᠪᠠ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ | ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠪᠠ ᠬᠢᠨᠠᠨ ᠬᠠᠷᠭᠤᠭᠤᠯᠵᠤ᠂ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠤᠯᠭ᠎ᠠ ᠪᠠ ᠠᠯᠪᠠᠨ ᠬᠡᠷ ᠤᠨ ᠡᠷᠬᠢᠯᠡᠭᠴᠢ ᠶᠢᠨ ᠶᠠᠷᠢᠶ᠎ᠠ᠂ ᠮᠡᠳᠡᠭᠦᠯᠦᠯᠲᠡ ᠵᠡᠷᠭᠡ | ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ︔ ᠲᠤᠭᠤᠷᠢᠭ ᠤᠨ ᠵᠠᠰᠠᠭ ᠤᠨ ᠣᠷᠳᠣᠨ ᠤ ᠵᠣᠬᠢᠶᠠᠨ | ᠪᠠᠶᠢᠭᠤᠯᠵᠤ ᠬᠤᠷᠠᠯᠳᠤᠭᠤᠯᠬᠤ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ︔ ᠤᠳᠤᠷᠢᠳᠤᠯᠭ᠎ᠠ ᠶᠢ ᠬᠠᠮᠵᠢᠨ | ᠵᠠᠬᠢᠳᠠᠯ ᠰᠤᠷᠪᠤᠯᠵᠢᠯᠠᠭ᠎ᠠ᠂ ᠬᠦᠯᠢᠶᠡᠨ ᠠᠪᠬᠤ ᠠᠵᠢᠯ ᠢ ᠰᠢᠢᠳᠪᠦᠷᠢᠯᠡᠨ᠎ᠡ︔ ᠲᠤᠭᠤᠶᠢᠷᠭ ᠤᠨ ᠵᠠᠰᠠᠭ ᠤᠨ | ᠣᠷᠳᠣᠨ ᠤ ᠤᠳᠤᠷᠢᠳᠤᠯᠭ᠎ᠠ ᠶᠢᠨ ᠡᠳᠦᠷ ᠲᠤᠲᠤᠮ ᠤᠨ ᠠᠵᠢᠯᠯᠠᠭ᠎ᠠ ᠶᠢ ᠵᠣᠬᠢᠴᠠᠭᠤᠯᠤᠨ ᠳᠣᠭᠢᠷᠠᠭᠤᠯᠵᠤ᠂ ᠬᠠᠮᠢᠶ᠎ᠠ | ᠪᠥᠬᠦᠶ ᠮᠠᠲ᠋ᠧᠷᠢᠶᠠᠯ ᠢ ᠴᠤᠭᠯᠠᠭᠤᠯᠬᠤ᠂ ᠬᠤᠷᠢᠶᠠᠩᠭᠤᠶᠢᠯᠠᠬᠤ ᠪᠠ ᠬᠠᠩᠭᠠᠬᠤ ᠵᠢᠴᠢ ᠤᠳᠤᠷᠢᠳᠤᠯᠭ᠎ᠠ ᠶᠢᠨ | ᠲᠤᠰᠢᠶᠠᠭᠰᠠᠨ ᠪᠤᠰᠤᠳ ᠠᠵᠢᠯ ᠢ ᠵᠣᠬᠢᠴᠠᠭᠤᠯᠤᠨ᠎ᠠ᠃ ᠠᠯᠪᠠᠨ ᠤᠲᠠᠰᠤ᠄ 5686388 | 2. ᠱᠠᠯᠠᠪᠳᠠᠭᠤᠯᠤᠨ ᠪᠠᠶᠢᠴᠠᠭᠠᠬᠤ ᠲᠠᠰᠤᠭ | ᠪᠠᠶᠢᠴᠠᠭᠠᠨ ᠰᠢᠯᠭᠠᠬᠤ ᠲᠤᠭᠤᠷᠢᠭ ᠤᠨ ᠵᠠᠰᠠᠭ ᠤᠨ ᠣᠷᠳᠣᠨ ᠤ ᠴᠢᠬᠤᠯᠠ ᠪᠢᠴᠢᠭ ᠮᠠᠲ᠋ᠧᠷᠢᠶᠠᠯ᠂ | ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠵᠢᠴᠢ ᠲᠤᠭᠤᠷᠢᠭ ᠤᠨ ᠤᠳᠤᠷᠢᠳᠤᠯᠭ᠎ᠠ ᠶᠢᠨ ᠴᠢᠬᠤᠯᠠ | ᠵᠢᠭᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠶᠢ ᠬᠠᠷᠢᠭᠤᠴᠠᠨ᠎ᠠ︔ ᠳᠡᠭᠡᠳᠦ ᠱᠠᠲᠤᠨ ᠤ | ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ | ᠣᠷᠳᠣᠨ ᠤ ᠤᠳᠤᠷᠢᠳᠤᠯᠭ᠎ᠠ ᠶᠢᠨ ᠲᠤᠰᠢᠶᠠᠭᠰᠠᠨ ᠰᠢᠮᠳᠠᠭᠤᠯᠤᠨ ᠪᠠᠶᠢᠴᠠᠭᠠᠬᠤ ᠵᠦᠢᠯᠡᠰ ᠢ ᠳᠠᠭᠠᠭᠠᠨ | ᠭᠦᠢᠴᠡᠳᠭᠡᠬᠦ ᠶᠢᠨ ᠬᠠᠮᠲᠤ᠂ ᠰᠢᠮᠳᠠᠭᠤᠯᠤᠨ ᠪᠠᠶᠢᠴᠠᠭᠠᠬᠤ ᠲᠤᠰᠬᠠᠶ ᠮᠡᠳᠡᠭᠦᠯᠦᠯᠲᠡ ᠶᠢ ᠪᠣᠶ ᠪᠣᠯᠭᠠᠵᠤ ᠴᠠᠭ | ᠲᠤᠬᠠᠶ ᠳᠤᠨᠢ ᠬᠤᠯᠪᠣᠭᠳᠠᠯ ᠪᠥᠬᠦᠶ ᠤᠳᠤᠷᠢᠳᠤᠯᠭ᠎ᠠ ᠪᠠ ᠰᠠᠯᠠᠭ᠎ᠠ ᠮᠥᠴᠢᠷ ᠲᠤ ᠬᠠᠷᠢᠭᠤ ᠮᠡᠳᠡᠭᠦᠯᠦᠨ᠎ᠡ︔ | ᠲᠤᠭᠤᠷᠢᠭ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠬᠤᠷᠠᠯ ᠳᠤ ᠣᠷᠣᠯᠴᠠᠭᠰᠠᠨ ᠪᠠᠶᠢᠳᠠᠯ ᠵᠢᠴᠢ | ᠪᠤᠰᠤᠳ ᠬᠤᠷᠠᠯ ᠤᠨ ᠰᠠᠬᠢᠯᠭ᠎ᠠ ᠪᠠᠲᠤ ᠶᠢᠨ ᠬᠠᠮᠢᠶ᠎ᠠ ᠪᠥᠬᠦᠶ ᠠᠰᠠᠭᠤᠳᠠᠯ ᠳᠤ ᠬᠢᠨᠠᠯᠲᠠ ᠲᠠᠯᠪᠢᠬᠤ ᠵᠢᠴᠢ ᠮᠡᠳᠡᠭᠡᠯᠡᠬᠦ | ᠠᠵᠢᠯ ᠢ ᠬᠠᠷᠢᠭᠤᠴᠠᠨ᠎ᠠ︔ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ | ᠰᠢᠯᠵᠢᠭᠦᠯᠦᠨ ᠰᠢᠢᠳᠪᠦᠷᠢᠯᠡᠭᠦᠯᠬᠦ᠂ ᠰᠢᠮᠳᠠᠭᠤᠯᠤᠨ ᠰᠢᠢᠳᠪᠦᠷᠢᠯᠡᠭᠦᠯᠬᠦ᠂ ᠳᠠᠭᠠᠭᠠᠨ ᠠᠪᠴᠤ ᠰᠢᠢᠳᠪᠦᠷᠢᠯᠡᠬᠦ | ᠠᠵᠢᠯ ᠢ ᠬᠠᠷᠢᠭᠤᠴᠠᠬᠤ ᠶᠢᠨ ᠬᠠᠮᠲᠤ ᠡᠯ᠎ᠡ ᠵᠦᠢᠯ ᠤᠨ ᠰᠢᠢᠳᠪᠦᠷᠢᠯᠡᠬᠦ ᠮᠡᠳᠡᠭᠦᠯᠦᠯᠲᠡ ᠶᠢ ᠲᠤᠭᠤᠷᠪᠢᠨ᠎ᠡ︔ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠲᠠᠢ ᠬᠠᠷᠢᠴᠠᠵᠤ᠂ ᠬᠠᠮᠢᠶ᠎ᠠ ᠪᠥᠬᠦᠶ ᠠᠵᠢᠯ ᠢ ᠭᠦᠢᠴᠡᠳᠭᠡᠨ᠎ᠡ︔ ᠬᠤᠲᠠ ᠶᠢᠨ ᠳᠠᠷᠤᠭ᠎ᠠ ᠶᠢᠨ ᠬᠠᠯᠠᠮᠰᠢᠯ | ᠤᠲᠠᠰᠤ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠲᠣᠭᠤᠷᠢᠭ ᠤᠨ ᠳᠠᠷᠤᠭ᠎ᠠ ᠶᠢᠨ ᠬᠠᠯᠠᠮᠰᠢᠯ | ᠤᠲᠠᠰᠤ᠂ ᠲᠣᠭᠤᠷᠢᠭ ᠤᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠤᠨ ᠠᠰᠠᠭᠤᠨ ᠯᠠᠪᠯᠠᠬᠤ᠂ ᠵᠠᠭᠠᠯᠳᠤᠬᠤ᠂ | ᠲᠤᠰᠠᠯᠠᠮᠵᠢ ᠭᠤᠶᠤᠴᠢᠯᠠᠬᠤ ᠪᠢᠴᠢᠭ ᠮᠠᠲ᠋ᠧᠷᠢᠶᠠᠯ ᠳᠤ ᠬᠠᠷᠢᠭᠤ ᠥᠭᠭᠦᠨ᠎ᠡ︔ ᠬᠤᠲᠠ ᠶᠢᠨ ᠵᠠᠰᠠᠭ ᠤᠨ ᠣᠷᠳᠣᠨ ᠤ | ᠬᠢᠨᠠᠨ ᠪᠠᠶᠢᠴᠠᠭᠠᠬᠤ ᠲᠠᠰᠤᠭ᠂ ᠬᠤᠲᠠ ᠶᠢᠨ ᠳᠠᠷᠤᠭ᠎ᠠ ᠶᠢᠨ ᠬᠠᠯᠠᠮᠰᠢᠯ ᠤᠲᠠᠰᠤᠨ ᠤ ᠠᠯᠪᠠᠨ ᠬᠡᠷ᠂ ᠪᠤᠰᠤᠳ | ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ | ᠭᠦᠢᠴᠡᠳᠭᠡᠨ᠎ᠡ᠃ ᠠᠯᠪᠠᠨ ᠤᠲᠠᠰᠤ᠄ 5686488 | 3. ᠵᠠᠰᠠᠭ ᠤᠨ ᠣᠷᠳᠣᠨ ᠤ ᠰᠦᠯᠵᠢᠶᠡᠨ ᠤ ᠬᠠᠮᠢᠶᠠᠷᠤᠯᠲᠠ ᠶᠢᠨ ᠲᠠᠰᠤᠭ | ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠯᠪᠠᠨ ᠠᠵᠢᠯ ᠤᠨ | ᠠᠦ᠋ᠲ᠋ᠣᠴᠢᠯᠠᠯᠲᠠ ᠶᠢᠨ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠵᠥᠭᠡᠯᠡᠨ ᠲᠣᠨᠤᠭ ᠤᠨ ᠵᠢᠩᠬᠢᠨᠢ ᠬᠡᠪᠯᠡᠯ ᠤᠨ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠡᠯᠧᠺᠲᠷᠣᠨ ᠵᠠᠰᠠᠭ ᠤᠨ ᠶᠠᠪᠤᠳᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ︔ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ | ᠶᠠᠪᠤᠳᠠᠯ ᠤᠨ ᠠᠵᠢᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ︔ ᠬᠤᠯᠪᠣᠭᠳᠠᠯ ᠪᠥᠬᠦᠶ | ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ | ᠶᠠᠪᠤᠳᠠᠯ ᠤᠨ ᠮᠡᠳᠡᠭᠡ ᠵᠠᠩᠬᠢᠵᠢᠯᠲᠠ ᠶᠢ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ︔ ᠠᠯᠪᠠᠨ ᠤᠲᠠᠰᠤ᠄ | 4938562 | 4. ᠮᠡᠳᠡᠭᠡ ᠵᠠᠩᠭᠢ ᠶᠢᠨ ᠲᠠᠰᠤᠭ | ᠪᠥᠬᠦ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠠᠵᠢᠯ ᠢ ᠵᠣᠬᠢᠶᠠᠨ ᠪᠠᠶᠢᠭᠤᠯᠵᠤ ᠵᠢᠯᠤᠭᠤᠳᠬᠤ ᠶᠢ ᠬᠠᠷᠢᠭᠤᠴᠠᠨ᠎ᠠ︔ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ | ᠴᠤᠭᠯᠠᠭᠤᠯᠬᠤ᠂ ᠡᠮᠬᠢᠳᠬᠡᠬᠦ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠡᠭᠦᠷᠭᠡᠯᠡᠨ᠎ᠡ︔ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠠᠯᠪᠠᠨ ᠲᠢᠩᠬᠢᠮ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠤᠨ ᠤ ᠮᠡᠳᠡᠭᠡ | ᠵᠠᠩᠭᠢ ᠶᠢ ᠬᠢᠨᠠᠨ ᠰᠢᠯᠭᠠᠬᠤ ᠡᠭᠦᠷᠭᠡ ᠶᠢ ᠪᠡᠶᠡᠯᠡᠭᠦᠯᠦᠨ᠎ᠡ︔ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠰᠦᠯᠵᠢᠶᠡᠨ ᠤ ᠬᠠᠮᠢᠶᠠᠷᠤᠯᠲᠠ ᠶᠢ ᠬᠠᠷᠢᠭᠤᠴᠠᠨ᠎ᠠ︔ ᠪᠥᠬᠦ ᠲᠤᠭᠤᠷᠢᠭ ᠤᠨ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ︽ | ᠢᠦᠶ ᠴᠢᠤᠸᠠᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ︾ ᠶᠢ ᠨᠠᠶᠢᠷᠠᠭᠤᠯᠤᠨ ᠲᠠᠷᠬᠠᠭᠠᠬᠤ ᠠᠵᠢᠯ ᠢ | ᠡᠭᠦᠷᠭᠡᠯᠡᠨ᠎ᠡ᠃ ᠠᠯᠪᠠᠨ ᠤᠲᠠᠰᠤ᠄ 5686672 | 5. ᠶᠡᠷᠦᠩᠬᠡᠶᠢᠯᠡᠭᠰᠡᠨ ᠲᠠᠰᠤᠭ | ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠢ ᠬᠠᠷᠢᠭᠤᠴᠠᠬᠤ ᠶᠢᠨ ᠬᠠᠮᠲᠤ ᠬᠠᠷᠢᠶ᠎ᠠ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ | ᠬᠥᠮᠦᠵᠢᠯ ᠪᠣᠯᠪᠠᠰᠤᠷᠠᠭᠤᠯᠤᠯ᠂ ᠶᠡᠷᠦᠩᠬᠡᠶᠢᠯᠡᠨ ᠵᠠᠰᠠᠬᠤ ᠪᠠ ᠤᠳᠤᠷᠢᠳᠬᠤ ᠪᠠᠭ ᠤᠨ ᠪᠣᠳᠠᠲᠤ ᠠᠮᠵᠢᠯᠲᠠ ᠶᠢᠨ | ᠬᠠᠷᠠᠯᠲᠠ ᠶᠢ ᠬᠢᠨᠠᠨ ᠰᠢᠯᠭᠠᠬᠤ ᠵᠡᠷᠭᠡ ᠠᠵᠢᠯ ᠢ ᠵᠢᠯᠣᠭᠤᠳᠤᠨ᠎ᠠ︔ ᠠᠯᠪᠠᠨ ᠬᠡᠷ ᠤᠨ ᠡᠯ᠎ᠡ ᠵᠦᠢᠯ ᠤᠨ ᠲᠦᠷᠢᠮ | ᠲᠣᠭᠲᠠᠭᠠᠯ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠬᠤ︔ ᠠᠯᠪᠠᠨ ᠬᠡᠷ ᠤᠨ ᠪᠥᠬᠦ ᠺᠠᠳ᠋ᠷ ᠠᠵᠢᠯᠲᠠᠨ ᠠᠵᠢᠯᠴᠢᠨ ᠢ | ᠰᠢᠯᠭᠠᠨ ᠦᠨᠡᠯᠡᠬᠦ᠂ ᠱᠠᠩᠨᠠᠵᠤ ᠲᠣᠷᠭᠠᠬᠤ ᠠᠵᠢᠯ ᠢ ᠬᠠᠷᠢᠭᠤᠴᠠᠨ᠎ᠠ︔ ᠬᠠᠷᠢᠶ᠎ᠠ ᠨᠢᠭᠡᠴᠢ ᠶᠢᠨ ᠢᠶᠠᠨ ᠲᠤᠰᠬᠠᠶ | ᠮᠡᠷᠭᠡᠵᠢᠯ ᠤᠨ ᠲᠤᠰᠢᠶᠠᠯ ᠢ ᠰᠢᠯᠭᠠᠷᠠᠭᠤᠯᠤᠨ ᠲᠣᠭᠲᠠᠭᠠᠵᠤ ᠤᠷᠢᠨ ᠬᠡᠷᠡᠭᠯᠡᠬᠦ ᠪᠠᠷ ᠮᠡᠳᠡᠭᠦᠯᠬᠦ ᠠᠵᠢᠯ ᠢ ᠬᠠᠷᠢᠭᠤᠴᠠᠨ᠎ᠠ︔ | ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ ᠤ ᠠᠵᠢᠯ ᠢ ᠬᠠᠷᠢᠭᠤᠴᠠᠨ᠎ᠠ︔ ᠵᠠᠰᠠᠭ ᠤᠨ | ᠣᠷᠳᠣᠨ ᠤ ᠠᠯᠪᠠᠨ ᠬᠡᠷ ᠤᠨ ᠪᠠᠶᠢᠭᠤᠯᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ | ᠪᠠᠭᠤᠵᠤ ᠠᠮᠠᠷᠠᠭᠰᠠᠳ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠲᠤᠭᠤᠷᠢᠭ ᠤᠨ | ᠰᠢᠭᠤᠳ ᠬᠠᠷᠢᠶ᠎ᠠ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠢ ᠶᠢᠨ ᠲᠡᠷᠭᠡ ᠬᠥᠰᠬᠡ ᠶᠢᠨ ᠣᠷᠣᠨ ᠲᠤᠭ᠎ᠠ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠠᠯᠭᠠᠰᠤ᠂ ᠵᠡᠭᠡᠯᠢ ᠭᠤᠳᠤᠮᠵᠢ ᠶᠢᠨ ᠲᠡᠷᠭᠡ ᠬᠥᠰᠬᠡ ᠶᠢᠨ ᠣᠷᠣᠨ | ᠲᠤᠭ᠎ᠠ ᠶᠢᠨ ᠠᠵᠢᠯ ᠢ ᠬᠠᠷᠢᠭᠤᠴᠠᠨ᠎ᠠ︔ ᠪᠥᠬᠦ ᠲᠤᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠠᠯᠭᠠᠰᠤ᠂ ᠵᠡᠭᠡᠯᠢ ᠭᠤᠳᠤᠮᠵᠢ ᠶᠢᠨ ᠵᠡᠪᠰᠡᠭᠲᠦ | ᠬᠦᠴᠦᠨ ᠤ ᠬᠡᠯᠲᠡᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ ᠤᠨ ᠠᠵᠢᠯ ᠢ | ᠬᠠᠷᠢᠭᠤᠴᠠᠨ᠎ᠠ︔ ᠪᠠᠶᠢᠭᠤᠯᠭ᠎ᠠ ᠶᠢᠨ ᠳᠣᠲᠣᠭᠠᠳᠤ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ︔ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠢᠴᠢ | ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃ ᠠᠯᠪᠠᠨ ᠤᠲᠠᠰᠤ᠄ 5686228 | 6. ᠪᠢᠴᠢᠭ ᠬᠠᠷ᠎ᠠ ᠶᠢᠨ ᠭᠡᠷ | ᠲᠤᠭᠤᠷᠢᠭ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠴᠠᠬᠢᠯᠭᠠᠨ | ᠮᠡᠳᠡᠭᠡ ᠶᠢ ᠬᠤᠷᠢᠶᠠᠨ ᠲᠠᠷᠬᠠᠭᠠᠬᠤ᠂ ᠡᠯᠧᠺᠲᠷᠣᠨ ᠠᠯᠪᠠᠨ ᠪᠢᠴᠢᠭ ᠤᠨ ᠠᠵᠢᠯᠯᠠᠭᠠᠨ᠂ ᠲᠠᠮᠠᠭ᠎ᠠ ᠶᠢᠨ ᠬᠠᠮᠢᠶᠠᠷᠤᠯᠲᠠ᠂ | ᠪᠢᠴᠢᠭ ᠮᠠᠲ᠋ᠧᠷᠢᠶᠠᠯ ᠲᠠᠩᠰᠠ ᠡᠪᠬᠡᠮᠡᠯ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ᠂ ᠬᠤᠷᠠᠯ ᠤᠨ ᠮᠡᠳᠡᠭᠳᠡᠯ | ᠵᠡᠷᠭᠡ ᠠᠵᠢᠯ ᠢ ᠬᠠᠷᠢᠭᠤᠴᠠᠨ᠎ᠠ︔ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ | ᠪᠢᠴᠢᠭ ᠢ ᠭᠦᠢᠴᠡᠳᠭᠡᠬᠦ ᠠᠵᠢᠯ ᠢ ᠵᠢᠯᠣᠭᠤᠳᠤᠨ᠎ᠠ︔ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ | ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠪᠢᠴᠢᠭ ᠮᠠᠲ᠋ᠧᠷᠢᠶᠠᠯ ᠲᠠᠷᠬᠠᠭᠠᠬᠤ ᠶᠢ ᠬᠢᠨᠠᠨ ᠬᠠᠷᠭᠤᠭᠤᠯᠵᠤ | ᠳᠠᠩᠰᠠᠯᠠᠬᠤ ᠵᠢᠴᠢ ᠤᠳᠤᠷᠢᠳᠤᠯᠭ᠎ᠠ ᠶᠢᠨ ᠲᠤᠰᠢᠶᠠᠨ ᠥᠭᠴᠦ ᠰᠢᠢᠳᠪᠦᠷᠢᠯᠡᠭᠦᠯᠬᠦ ᠪᠤᠰᠤᠳ ᠠᠵᠢᠯ ᠢ ᠬᠠᠷᠢᠭᠤᠴᠠᠨ᠎ᠠ᠃ | ᠠᠯᠪᠠᠨ ᠤᠲᠠᠰᠤ᠄ 5686794 | 7.ᠡᠳ᠋ ᠤᠨ ᠶᠠᠪᠤᠳᠠᠯ ᠤᠨ ᠲᠠᠰᠤᠭ | ᠵᠠᠰᠠᠭ ᠤᠨ ᠣᠷᠳᠣᠨ ᠤ ᠠᠯᠪᠠᠨ ᠭᠡᠷ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠨ᠎ᠠ︔ | ᠵᠠᠰᠠᠭ ᠤᠨ ᠣᠷᠳᠣᠨ ᠤ ᠠᠯᠪᠠᠨ ᠬᠡᠷ ᠤᠨ ᠣᠨ ᠤ ᠵᠠᠷᠤᠳᠠᠯ ᠤᠨ ᠲᠥᠰᠦᠪ᠂ ᠲᠥᠰᠦᠪ ᠤᠨ ᠭᠦᠢᠴᠡᠳᠭᠡᠯ ᠢ | ᠨᠠᠶᠢᠷᠠᠭᠤᠯᠤᠨ ᠮᠡᠳᠡᠭᠦᠯᠬᠦ ᠶᠢ ᠬᠠᠷᠢᠭᠤᠴᠠᠨ᠎ᠠ︔ ᠵᠠᠰᠠᠭ ᠤᠨ ᠣᠷᠳᠣᠨ ᠤ ᠠᠯᠪᠠᠨ ᠬᠡᠷ ᠤᠨ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠠᠷᠭ᠎ᠠ ᠳᠤ ᠬᠢᠨᠠᠯᠲᠠ ᠲᠠᠯᠪᠢᠵᠤ ᠭᠡᠷᠡᠭᠵᠢᠭᠦᠯᠬᠦ ᠶᠢ ᠬᠠᠷᠢᠭᠤᠴᠠᠨ᠎ᠠ᠃ ᠲᠣᠭᠲᠠᠮᠠᠯ | ᠬᠤᠭᠤᠴᠠᠭ᠎ᠠ ᠲᠠᠢ ᠪᠠᠷ ᠵᠠᠰᠠᠭ ᠤᠨ ᠣᠷᠳᠣᠨ ᠤ ᠠᠯᠪᠠᠨ ᠬᠡᠷ ᠤᠨ ᠤᠳᠤᠷᠢᠳᠤᠯᠭ᠎ᠠ ᠳᠤ ᠡᠳ᠋ ᠤᠨ ᠶᠠᠪᠤᠳᠠᠯ ᠤᠨ | ᠤᠷᠤᠯᠭ᠎ᠠ ᠵᠠᠷᠤᠯᠭ᠎ᠠ ᠶᠢ ᠭᠦᠢᠴᠡᠳᠭᠡᠭᠰᠡᠨ ᠪᠠᠶᠢᠳᠠᠯ ᠢ ᠮᠡᠳᠡᠭᠦᠯᠦᠨ᠎ᠡ︔ ᠲᠡᠷᠡᠴᠢᠯᠡᠨ ᠲᠤᠰ ᠨᠢᠭᠡᠴᠢ ᠶᠢᠨ ᠢᠶᠠᠨ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠭᠦᠨ ᠤ ᠬᠠᠮᠲᠤ ᠡᠳ᠋ ᠤᠨ | ᠵᠠᠰᠠᠭ ᠤᠨ ᠬᠢᠨᠠᠨ ᠪᠤᠳᠤᠬᠤ ᠰᠠᠯᠠᠭ᠎ᠠ ᠮᠥᠴᠢᠷ ᠤᠨ ᠵᠢᠯᠤᠭᠤᠳᠤᠯᠭ᠎ᠠ ᠬᠢᠨᠠᠯᠲᠠ ᠶᠢ ᠬᠦᠯᠢᠶᠡᠨ᠎ᠡ᠃ ᠠᠯᠪᠠᠨ ᠤᠲᠠᠰᠤ᠄ | 5686842 | 8.ᠦᠰᠦᠭ ᠪᠢᠴᠢᠭ ᠤᠨ ᠬᠡᠪᠯᠡᠯ ᠤᠨ ᠲᠠᠰᠤᠭ | ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠢ ᠨᠠᠶᠢᠷᠠᠭᠤᠯᠬᠤ᠂ ᠪᠠᠷᠯᠠᠬᠤ᠂ ᠤᠯᠠᠭᠠᠨ | ᠳᠠᠮᠯᠠᠬᠤ᠂ ᠳᠠᠷᠤᠮᠠᠯᠯᠠᠬᠤ ᠶᠢ ᠬᠠᠷᠢᠭᠤᠴᠠᠨ᠎ᠠ᠃ ᠠᠯᠪᠠᠨ ᠤᠲᠠᠰᠤ᠄ 3963182 | | | ᠭᠤᠷᠪᠠ᠂ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠣᠪᠴᠢ | ᠲᠠᠨᠢᠯᠴᠠᠭᠤᠯᠭ᠎ᠠ | ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ᠄ ᠵᠤ᠋ | ᠴᠤᠤ ᠹᠧᠩ | ᠲᠤᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠬᠠᠶ᠋ᠢᠭ᠄ www.yuquan.gov.cn | ᠠᠵᠢᠯᠯᠠᠬᠤ ᠬᠠᠶ᠋ᠢᠭ᠄ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠵᠣᠣ ᠵᠢᠶᠦ᠋ᠨ ᠵᠠᠮ ᠤᠨ 19 | ᠳ᠋ᠤᠭᠡᠷ ᠨᠣᠮᠧᠷ᠄ 010030 | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ | 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠯᠴᠠᠬᠤ ᠤᠲᠠᠰᠤ᠄ 0471— 5686794 | ᠬᠠᠷᠢᠭᠤᠴᠠᠯᠭ᠎ᠠ ᠡᠭᠦᠷᠭᠡᠯᠡᠭᠴᠢ᠄ ᠵᠤ᠋ ᠴᠤᠤ ᠹᠧᠩ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | | |