ᠢᠦᠢ ᠴᠢᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ᠬᠥᠬᠡᠬᠤᠲᠠ ᠶᠢᠨ ᠢᠦᠢ | ᠴᠢᠤᠸᠠᠨ ᠲᠣᠭᠤᠷᠢᠭ ᠤᠨ ᠵᠤᠤ ᠵᠢᠶᠦ᠋ᠨ ᠵᠠᠮ ᠤᠨ 19 ᠳ᠋ᠤᠭᠡᠷ ᠲᠣᠭᠤᠷᠢᠭ ᠤᠨ ᠨᠠᠮ ᠵᠠᠰᠠᠭ ᠤᠨ ᠠᠯᠪᠠᠨ ᠠᠰᠠᠷ ᠤᠨ | ᠨᠢᠭᠡᠳᠦᠭᠡᠷ ᠳᠠᠪᠬᠤᠷ ᠲᠤ ᠪᠠᠶᠢᠷᠢᠯᠠᠨ᠎ᠠ᠃ | ᠨᠠᠶᠠᠭᠠᠳ ᠣᠨ ᠤ ᠦᠶ᠎ᠡ ᠳᠤ᠂ ᠢᠦᠢ ᠴᠢᠤᠸᠠᠨ ᠲᠣᠭᠤᠷᠢᠭ ᠲᠤ ᠵᠠᠬᠢᠳᠠᠯ ᠰᠤᠷᠪᠤᠯᠵᠢᠯᠠᠭ᠎ᠠ ᠶᠢᠨ ᠠᠯᠪᠠᠨ | ᠭᠡᠷ ᠢ ᠪᠠᠶᠢᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠲᠤ ᠬᠠᠷᠢᠶᠠᠯᠠᠭᠤᠯᠪᠠ᠃ 2002 | ᠣᠨ ᠤ 9 ᠰᠠᠷ᠎ᠠ ᠳᠤ᠂ ᠢᠦᠢ ᠴᠢᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠯᠪᠠᠨ ᠭᠡᠷ ᠤᠨ ᠨᠡᠷ᠎ᠡ ᠶᠢ | ᠢᠦᠢ ᠴᠢᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠭᠡᠵᠦ ᠬᠠᠯᠠᠵᠤ᠂ ᠮᠥᠨ ᠢᠦᠢ ᠴᠢᠤᠸᠠᠨ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠳᠤ ᠬᠠᠷᠢᠶᠠᠯᠠᠭᠳᠠᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠠᠯᠠᠭ᠎ᠠ ᠶᠢᠨ ᠲᠡᠰ ᠢ | ᠵᠢᠩᠬᠢᠨᠢᠴᠢᠯᠡᠵᠦ᠂ ᠵᠠᠰᠠᠭ ᠵᠠᠬᠢᠷᠭᠠᠨ ᠤ ᠣᠷᠣᠨ ᠲᠤᠭ᠎ᠠ ᠶᠢ 3 ᠨᠡᠷᠡᠰ ᠢ ᠬᠢᠨᠠᠨ ᠲᠣᠭᠲᠠᠭᠠᠵᠤ᠂ ᠰᠠᠯᠠᠭ᠎ᠠ ᠶᠢᠨ | ᠲᠡᠰ ᠤᠨ ᠤᠳᠤᠷᠢᠳᠤᠯᠭ᠎ᠠ ᠶᠢᠨ ᠲᠤᠭ᠎ᠠ ᠶᠢ 2 ᠬᠥᠮᠦᠨ ︵1 ᠨᠢ ᠵᠢᠩᠬᠢᠨᠢ 1 ᠳᠡᠳ᠋︶ ᠪᠣᠯᠭᠠᠪᠠ᠃ 2010 | ᠣᠨ ᠳᠤ᠂ ᠢᠦᠢ ᠴᠢᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠢᠦᠢ ᠴᠢᠤᠸᠠᠨ | ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠨ ᠲᠣᠬᠢᠷᠠᠭᠤᠯᠪᠠ᠃ ᠲᠤᠰ ᠵᠢᠯ ᠳᠤ᠂ | ᠢᠦᠢ ᠴᠢᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠥᠪ ᠢ | ᠪᠠᠶᠢᠭᠤᠯᠵᠤ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠬᠤᠶᠠᠳᠤᠭᠠᠷ ᠳᠡᠰ ᠤᠨ | ᠠᠵᠢᠯ ᠦᠢᠯᠡᠰ ᠤᠨ ᠨᠢᠭᠡᠴᠡ ᠪᠣᠯᠭᠠᠨ᠂ ᠪᠠᠶᠢᠭᠤᠯᠤᠮᠵᠢ ᠶᠢᠨ ᠳᠡᠰ ᠨᠢ ᠰᠲ᠋ᠣᠺ ᠤᠨ ᠳᠡᠰ ᠪᠠᠶᠢᠵᠤ᠂ 7 ᠠᠵᠢᠯ | ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠵᠠᠶ᠃ 2012 ᠣᠨ ᠳᠤ᠂ ᠢᠦᠶ ᠴᠢᠤᠸᠠᠨ ᠲᠣᠭᠤᠷᠢᠭ ᠤᠨ | ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠳᠣᠤᠷ᠎ᠠ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠥᠪ᠂ | ᠠᠯᠪᠠᠨ ᠬᠡᠷ᠂ ᠮᠡᠳᠡᠭᠡ ᠵᠠᠩᠭᠢ ᠶᠢᠨ ᠰᠠᠯᠠᠭ᠎ᠠ᠂ ᠰᠢᠪᠠᠳᠠᠨ ᠪᠠᠶᠢᠴᠠᠭᠠᠬᠤ ᠲᠠᠰᠤᠭ᠂ ᠵᠠᠭᠠᠯᠳᠤᠯᠭ᠎ᠠ ᠶᠢ ᠭᠥᠯᠢᠶᠡᠨ | ᠠᠪᠴᠤ ᠰᠢᠢᠳᠪᠦᠷᠢᠯᠡᠬᠦ ᠰᠠᠯᠠᠭ᠎ᠠ ︵ᠠᠷᠠᠳ ᠣᠯᠠᠨ ᠤ ᠰᠠᠨᠠᠭᠤᠯᠭ᠎ᠠ ᠴᠤᠭᠯᠠᠭᠤᠯᠬᠤ ᠠᠯᠪᠠᠨ ᠬᠡᠷ︶ ᠭᠠᠷᠭᠠᠪᠠ᠃ | 2021 ᠣᠨ ᠳᠤ᠂ ᠢᠦᠶ ᠴᠢᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ᠶᠢᠨ ᠳᠣᠣᠷ᠎ᠠ | ᠶᠡᠷᠦᠩᠬᠡᠶᠢᠯᠡᠭᠰᠡᠨ ᠠᠯᠪᠠᠨ ᠭᠡᠷ᠂ ᠬᠦᠯᠢᠶᠡᠨ ᠠᠪᠬᠤ ᠭᠡᠷ᠂ ᠰᠦᠯᠵᠢᠶᠡᠨ ᠳᠡᠭᠡᠷᠡᠬᠢ ᠬᠦᠯᠢᠶᠡᠨ ᠠᠪᠬᠤ ᠭᠡᠷ᠂ | ᠰᠢᠪᠠᠳᠠᠨ ᠪᠠᠶᠢᠴᠠᠭᠠᠬᠤ ᠭᠡᠷ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠪᠤᠷᠢ ᠶᠢᠨ ᠭᠡᠷ ᠢ ᠲᠤᠬᠢᠷᠠᠭᠤᠯᠪᠠ᠃ | ᠪᠠᠶᠢᠭᠤᠯᠤᠮᠵᠢ ᠶᠢᠨ ᠣᠷᠣᠨ ᠲᠤᠭ᠎ᠠ᠄ ᠵᠠᠰᠠᠭ ᠵᠠᠬᠢᠷᠭᠠᠨ ᠤ ᠣᠷᠣᠨ ᠲᠤᠭ᠎ᠠ᠂ ᠠᠵᠢᠯ ᠦᠢᠯᠡᠰ ᠤᠨ ᠣᠷᠣᠨ ᠲᠤᠭ᠎ᠠ᠂ | ᠭᠡᠷ᠎ᠡ ᠶᠢᠨ ᠲᠦᠷᠢᠮ᠃ ᠵᠠᠰᠠᠭ ᠵᠠᠬᠢᠷᠭᠠᠨ ᠤ ᠣᠷᠣᠨ ᠲᠤᠭ᠎ᠠ 2 ᠬᠥᠮᠦᠨ᠂ ᠠᠵᠢᠯ ᠦᠢᠯᠡᠰ ᠤᠨ ᠣᠷᠣᠨ ᠲᠤᠭ᠎ᠠ | 12 ᠬᠥᠮᠦᠨ᠂ ᠭᠡᠷ᠎ᠡ ᠶᠢᠨ ᠲᠦᠷᠢᠮ 5 ᠬᠥᠮᠦᠨ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ | ᠠᠵᠢᠯᠯᠠᠭᠴᠢ 1 ᠬᠥᠮᠦᠨ ᠪᠣᠶ᠃ | ᠢᠦᠶ ᠴᠢᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠭᠤᠣᠯ ᠡᠭᠦᠷᠭᠡ ᠴᠢᠳᠠᠮᠵᠢ | ᠪᠤᠯ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ | ᠵᠣᠬᠢᠴᠠᠭᠤᠯᠤᠨ ᠰᠢᠢᠳᠪᠦᠷᠢᠯᠡᠬᠦ ᠪᠠ ᠰᠢᠪᠠᠳᠠᠨ ᠰᠢᠢᠳᠪᠦᠷᠢᠯᠡᠭᠦᠯᠬᠦ ᠵᠢᠴᠢ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ | ᠵᠠᠳᠠᠯᠤᠨ ᠪᠠᠶᠢᠴᠠᠭᠠᠨ ᠰᠤᠳᠤᠯᠵᠤ᠂ ᠠᠵᠢᠯ ᠢᠶᠠᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠶᠢ ᠴᠠᠭ ᠲᠤᠬᠠᠶ ᠳᠤᠨᠢ | ᠳᠤᠷᠠᠳᠤᠨ ᠭᠠᠷᠭᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢᠶᠠᠷ | ᠳᠠᠮᠵᠢᠭᠤᠯᠤᠨ ︽ᠬᠥᠮᠦᠨ ᠢᠶᠠᠷ ᠦᠨᠳᠦᠰᠦ ᠪᠣᠯᠭᠠᠵᠤ᠂ ᠠᠷᠠᠳ ᠤᠨ ᠲᠥᠯᠥᠭᠡ ᠲᠦᠷᠦ ᠪᠠᠷᠢᠬᠤ︾ | ᠣᠶᠢᠯᠠᠭᠠᠭᠳᠠᠬᠤᠨ ᠢ ᠢᠯᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢ ᠲᠣᠭᠲᠠᠪᠤᠷᠢᠵᠢᠭᠤᠯᠬᠤ ᠠᠵᠢᠯ ᠤᠨ ᠰᠢᠨ᠎ᠡ | ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠤ | ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ ᠪᠠᠷ ᠰᠢᠢᠳᠪᠦᠷᠢᠯᠡᠵᠦ᠂ ᠤᠯᠠᠨ ᠲᠦᠮᠡᠨ ᠤ ᠦᠨᠳᠦᠰᠦᠨ ᠠᠰᠢᠭ | ᠲᠤᠰᠠ ᠶᠢ ᠬᠠᠮᠠᠭᠠᠯᠠᠵᠤ᠂ ᠬᠠᠮᠲᠤ ᠪᠠᠷ ᠰᠤᠷᠪᠤᠯᠵᠢᠯᠠᠬᠤ᠂ ᠱᠠᠳᠤ ᠠᠯᠤᠰᠯᠠᠨ ᠰᠤᠷᠪᠤᠯᠵᠢᠯᠠᠬᠤ᠂ ᠳᠠᠪᠬᠤᠷᠳᠠᠭᠤᠯᠤᠨ | ᠰᠤᠷᠪᠤᠯᠵᠢᠯᠠᠬᠤ ᠪᠠ ᠬᠡᠪ ᠤᠨ ᠪᠤᠰᠤ ᠪᠠᠶᠢᠳᠠᠯ ᠢᠶᠠᠷ ᠰᠤᠷᠪᠤᠯᠵᠢᠯᠠᠬᠤ ᠶᠠᠪᠤᠳᠠᠯ ᠵᠢᠯ ᠳᠠᠷᠠᠭᠠᠯᠠᠨ ᠪᠠᠭᠠᠰᠴᠤ᠂ | ᠠᠩᠬᠠᠨ ᠤ ᠰᠤᠷᠪᠤᠯᠵᠢᠯᠠᠭ᠎ᠠ ᠶᠢ ᠰᠢᠢᠳᠪᠦᠷᠢᠯᠡᠬᠦ ᠨᠤᠷᠮ᠎ᠠ᠂ ᠰᠤᠷᠪᠤᠯᠵᠢᠯᠠᠭ᠎ᠠ ᠶᠢ ᠵᠣᠭᠰᠣᠭᠠᠬᠤ ᠨᠤᠷᠮ᠎ᠠ ᠶᠢ ᠢᠯᠡᠳᠲᠡ | ᠳᠡᠭᠡᠭᠰᠢᠯᠡᠭᠦᠯᠪᠡ᠃ ᠤᠢᠢᠷ᠎ᠠ ᠶᠢᠨ ᠵᠢᠯ ᠤᠳ ᠲᠤ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠸᠢᠴᠠᠲ ᠤᠨ ᠤᠯᠠᠨ | ᠨᠡᠶᠢᠲᠡ ᠶᠢᠨ ᠲᠠᠪᠴᠠᠩ᠂ ᠰᠦᠯᠵᠢᠶᠡᠨ ᠤ ᠲᠠᠪᠴᠠᠩ ᠢ ᠠᠰᠢᠭᠯᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ | ᠬᠤᠯᠪᠣᠭᠳᠠᠬᠤ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠤᠯᠠᠨ ᠲᠦᠮᠡᠨ ᠤ ᠲᠤᠰᠬᠠᠭᠰᠠᠨ ᠠᠵᠤ ᠠᠬᠤᠶ᠂ ᠠᠪᠴᠠᠭᠠᠨ ᠤ ᠡᠷᠬᠡ ᠶᠢᠨ ᠵᠢᠭᠤᠷᠠᠯᠳᠤᠭᠠᠨ | ᠵᠢᠴᠢ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠡᠷᠭᠡ ᠠᠰᠠᠭᠤᠳᠠᠯ ᠳᠤ ᠴᠢᠭᠯᠡᠭᠦᠯᠦᠨ᠂ | ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠠᠷᠭ᠎ᠠ ᠵᠠᠮ ᠢᠶᠠᠷ᠂ ᠬᠠᠤᠯᠢ | ᠴᠠᠭᠠᠵᠠ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠭᠤᠯᠤᠭᠠᠳ ᠮᠠᠰᠢ ᠰᠠᠶᠢᠨ | ᠦᠷ᠎ᠡ ᠪᠦᠲᠦᠮᠵᠢ ᠣᠯᠵᠠᠶ᠃ | ᠢᠦᠶ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠭᠰᠠᠨ ᠤ ᠪᠢᠳᠡ | ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠡᠷᠡᠰ ᠭᠤᠶᠢᠪᠢᠰᠢ ᠦᠭᠡᠶ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠦᠭᠡᠶ ᠰᠢᠨ᠎ᠡ ᠪᠠᠷ ᠡᠭᠦᠳᠴᠦ᠂ ᠣᠯᠠᠨ | ᠲᠦᠮᠡᠨ ᠤ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠲᠣᠪᠤᠶᠢᠮ᠎ᠠ ᠠᠰᠠᠭᠤᠳᠠᠯ ᠳᠤ᠂ ᠭᠤᠮᠣᠳᠠᠯ ᠱᠠᠭᠠᠷᠳᠠᠯᠭ᠎ᠠ ᠶᠢ | ᠵᠦᠶ ᠵᠣᠬᠢᠰᠲᠠᠶ ᠪᠠᠷ ᠰᠢᠢᠳᠪᠦᠷᠢᠯᠡᠬᠦ᠂ ᠭᠤᠮᠣᠳᠠᠯ ᠱᠠᠭᠠᠷᠳᠠᠯᠭ᠎ᠠ ᠶᠢ ᠶᠣᠰᠣ ᠪᠤᠰᠤ ᠪᠠᠷ ᠰᠢᠢᠳᠪᠦᠷᠢᠯᠡᠬᠦ ᠦᠵᠡᠯ | ᠰᠠᠨᠠᠭᠠᠨ ᠤ ᠬᠥᠮᠦᠵᠢᠯ ᠢ ᠪᠣᠳᠠᠲᠠᠶᠢᠵᠢᠭᠤᠯᠬᠤ᠂ ᠠᠮᠢᠳᠤᠷᠠᠯ ᠤᠨ ᠬᠦᠴᠢᠷᠳᠡᠯ ᠢ ᠬᠠᠪᠰᠤᠷᠤᠨ ᠲᠡᠳᠬᠦᠵᠦ ᠠᠪᠤᠷᠠᠨ | ᠲᠤᠰᠠᠯᠠᠬᠤ᠂ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠰᠢᠢᠳᠪᠦᠷᠢᠯᠡᠬᠦ ᠶᠢ | ᠦᠨᠡᠨᠬᠦ ᠪᠠᠲᠤᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠪᠤᠶᠢᠮ᠎ᠠ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠶᠢ | ᠠᠬᠢᠭᠤᠯᠵᠤ᠂ ︽ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ︾ | ᠠᠵᠢᠯ ᠤᠨ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ | | ᠳᠣᠲᠣᠭᠠᠳᠤ ᠪᠠᠶᠢᠭᠤᠯᠤᠮᠵᠢ᠄ ᠶᠡᠷᠦᠩᠬᠡᠶᠢᠯᠡᠭᠰᠡᠨ ᠠᠯᠪᠠᠨ ᠬᠡᠷ | ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠬᠤ ᠶᠢ | ᠬᠠᠷᠢᠭᠤᠴᠠᠵᠤ᠂ ᠵᠢᠯᠣᠭᠤᠳᠬᠤ ᠰᠠᠨᠠᠯ ᠳᠤᠷᠠᠳᠤᠨ᠎ᠠ᠃ ᠪᠦᠬᠦ ᠲᠠᠯ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ | ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ | ᠰᠠᠶᠢᠵᠢᠷᠠᠭᠤᠯᠤᠨ ᠴᠢᠩᠭᠠᠳᠬᠠᠬᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠴᠢᠬᠤᠯᠠ ᠬᠤᠷᠠᠯ ᠳᠤ ᠬᠡᠷᠡᠭᠰᠡᠬᠦ | ᠶᠡᠷᠦᠩᠬᠡᠶᠢᠯᠡᠭᠰᠡᠨ ᠲᠥᠷᠥᠯ ᠤᠨ ᠪᠢᠴᠢᠭ ᠮᠠᠲ᠋ᠧᠷᠢᠶᠠᠯ᠂ ᠮᠠᠲ᠋ᠧᠷᠢᠶᠠᠯ ᠢ ᠲᠤᠭᠤᠷᠪᠢᠨ ᠪᠢᠴᠢᠵᠦ᠂ ᠵᠠᠬᠢᠳᠠᠯ | ᠰᠤᠷᠪᠤᠯᠵᠢᠯᠠᠭ᠎ᠠ ᠶᠢᠨ ᠶᠡᠷᠦᠩᠬᠡᠶᠢᠯᠡᠭᠰᠡᠨ ᠠᠵᠢᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠎ᠡ᠃ ᠵᠠᠬᠢᠳᠠᠯ | ᠰᠤᠷᠪᠤᠯᠵᠢᠯᠠᠭ᠎ᠠ ᠰᠣᠨᠢᠨ ᠮᠡᠳᠡᠭᠡᠯᠡᠯ ᠤᠬᠠᠭᠤᠯᠭ᠎ᠠ ᠶᠢᠨ ᠠᠵᠢᠯ ᠢ ᠦᠷᠨᠢᠭᠦᠯᠦᠨ᠎ᠡ᠃ ᠪᠠᠶᠢᠭᠤᠯᠭ᠎ᠠ ᠶᠢᠨ ᠡᠳᠦᠷ | ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠵᠠᠰᠠᠭ ᠤᠨ ᠶᠠᠪᠤᠳᠠᠯ᠂ ᠬᠤᠷᠠᠯ ᠤᠨ ᠶᠠᠪᠤᠳᠠᠯ ᠵᠡᠷᠭᠡ ᠠᠵᠢᠯ ᠢ | ᠬᠠᠷᠢᠭᠤᠴᠠᠨ᠎ᠠ᠃ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ | ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | | ᠠᠵᠢᠯᠯᠠᠬᠤ ᠬᠠᠶ᠋ᠢᠭ᠄ ᠢᠦᠶ ᠴᠢᠤᠸᠠᠨ ᠲᠣᠭᠤᠷᠢᠭ ᠤᠨ ᠵᠣᠣ ᠵᠢᠶᠦ᠋ᠨ ᠵᠠᠮ ᠤᠨ 19 ᠳ᠋ᠤᠭᠡᠷ ᠲᠣᠭᠤᠷᠢᠭ ᠤᠨ | ᠨᠠᠮ ᠵᠠᠰᠠᠭ ᠤᠨ ᠠᠯᠪᠠᠨ ᠠᠰᠠᠷ ᠤᠨ ᠨᠢᠭᠡᠳᠦᠭᠡᠷ ᠲᠠᠪᠬᠤᠷ ᠠᠰᠠᠷ | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ | 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠯᠴᠠᠬᠤ ᠤᠲᠠᠰᠤ᠄ 0471— 5181894 | ᠬᠠᠷᠢᠭᠤᠴᠠᠯᠭ᠎ᠠ ᠡᠭᠦᠷᠭᠡᠯᠡᠭᠴᠢ᠄ ᠬᠤ᠋ ᠯᠢ ᠬᠤᠸᠠ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |