ᠢᠦᠢ ᠴᠢᠣᠸᠠᠨ ᠲᠣᠭᠤᠷᠢᠭ᠄ ᠰᠣᠯᠠ ᠪᠠᠶᠢᠭ᠎ᠠ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ᠪᠡᠶ᠎ᠡ ᠲᠠᠮᠢᠷ ᠤᠨ ᠴᠡᠩᠬᠡᠯ ᠤᠨ ᠬᠦᠷᠢᠶᠡᠯᠡᠩ ᠪᠤᠯᠵᠤ ᠬᠤᠪᠢᠷᠠᠪᠠ
ᠨᠡᠶᠢᠲᠡᠯᠡᠭᠰᠡᠨ ᠴᠠᠭ᠄
2024/8/7
     ᠵᠤᠨ ᠤ ᠤᠯᠠᠷᠢᠯ ᠳᠤ᠂ ᠥᠪᠥᠷ ᠮᠣᠩᠭᠤᠯ ᠤᠨ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠤᠨᠢᠰᠤᠨ ᠦᠢᠯᠡᠳᠪᠦᠷᠢ ᠶᠢᠨ ᠮᠠᠶ ᠯᠢ ᠪᠡᠶ᠎ᠡ ᠲᠠᠮᠢᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ᠂ ᠰᠠᠭᠰᠤᠨ ᠪᠥᠮᠪᠦᠭᠡ ᠶᠢᠨ ᠣᠷᠳᠣᠨ᠂ ᠥᠳᠥᠨ ᠪᠥᠮᠪᠦᠭᠡ ᠶᠢᠨ ᠣᠷᠳᠣᠨ᠂ ᠵᠢᠵᠢᠭ ᠬᠦᠷᠳᠦᠲᠦ ᠲᠡᠷᠭᠡᠨ ᠤ ᠪᠣᠯᠪᠠᠰᠤᠷᠠᠯ ᠤᠨ ᠲᠠᠯᠠᠪᠠᠢ ᠵᠡᠷᠭᠡ ᠮᠠᠰᠢ ᠤᠯᠠᠨ ᠪᠡᠶ᠎ᠡ ᠲᠠᠮᠢᠷ ᠤᠨ ᠳᠤᠷ᠎ᠠ ᠪᠠᠭ᠋ᠠᠲᠠᠳ ᠢ ᠪᠡᠶ᠎ᠡ ᠲᠠᠮᠢᠷ ᠤᠨ ᠬᠥᠳᠡᠯᠭᠡᠭᠡᠨ ᠬᠢᠵᠦ ᠪᠡᠶ᠎ᠡ ᠴᠢᠭᠢᠷᠠᠭᠵᠢᠭᠤᠯᠬᠤ ᠶᠢ ᠲᠠᠲᠠᠪᠠ᠃
     ᠲᠠᠨᠢᠯᠴᠠᠭᠤᠯᠤᠭᠰᠠᠨ ᠢᠶᠠᠷ᠂ ᠤᠨᠢᠰᠤᠨ ᠦᠢᠯᠡᠳᠪᠦᠷᠢ ᠶᠢᠨ ᠮᠠᠶ ᠯᠢ ᠪᠡᠶ᠎ᠡ ᠲᠠᠮᠢᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠪᠤᠯ ᠢᠦᠢ ᠴᠢᠤᠸᠠᠨ ᠲᠣᠭᠤᠷᠢᠭ ᠤᠨ ᠬᠤᠲᠠ ᠶᠢᠨ ᠰᠢᠨᠡᠴᠢᠯᠡᠯᠲᠡ ᠶᠢᠨ ᠲᠦᠷᠦᠯ ᠵᠦᠢᠯ ᠪᠠᠶᠢᠵᠤ᠂ ᠤᠤᠯ ᠤᠨ ᠤᠨᠢᠰᠤᠨ ᠦᠢᠯᠡᠳᠪᠦᠷᠢ ᠶᠢᠨ ᠲᠡᠦᠬᠡᠨ ᠪᠠᠷᠢᠯᠭ᠎ᠠ ᠪᠠ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ᠤᠨ ᠠᠵᠤ ᠦᠢᠯᠡᠳᠪᠦᠷᠢ ᠶᠢᠨ ᠡᠯᠧᠮᠧᠨ᠋ᠲ ᠤᠨ ᠬᠡᠪ ᠨᠠᠮᠪᠠ ᠶᠢ ᠦᠯᠡᠳᠡᠭᠡᠭᠰᠡᠨ ᠰᠠᠭᠤᠷᠢᠨ ᠳᠡᠭᠡᠷ᠎ᠡ᠂ ᠡᠭᠦᠨ ᠤ ᠬᠠᠮᠲᠤ ᠬᠥᠳᠡᠯᠭᠡᠭᠡᠨᠲᠦ ᠡᠯᠧᠮᠧᠨ᠋ᠲ ᠢ ᠣᠷᠣᠭᠤᠯᠵᠠᠢ᠃ ᠰᠤᠯᠠ ᠲᠠᠯᠪᠢᠵᠤ ᠪᠠᠶᠢᠭ᠎ᠠ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ᠨᠢ ᠰᠢᠨ᠎ᠡ ᠠᠮᠢ ᠨᠠᠰᠤ ᠶᠢ ᠣᠯᠭᠤᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠲᠠᠮᠢᠷ ᠤᠨ ᠲᠠᠯᠠᠪᠤᠷ ᠪᠣᠯᠭᠠᠨ ᠬᠤᠪᠢᠷᠠᠭᠤᠯᠵᠤ᠂ ᠰᠢᠨ᠎ᠡ ᠬᠠᠭᠤᠴᠢᠨ ᠠᠭᠤᠰᠤᠯᠴᠠᠭᠰᠠᠨ ᠥᠪᠡᠷᠮᠢᠴᠡ ᠬᠤᠲᠠ ᠶᠢᠨ ᠰᠣᠶᠣᠯ ᠤᠨ ᠣᠷᠴᠢᠨ ᠨᠦᠬᠦᠴᠡᠯ ᠢ ᠪᠣᠶ ᠪᠣᠯᠭᠠᠪᠠ᠃ ︵ᠰᠡᠭᠦᠳᠡᠷᠯᠡᠭᠴᠢ᠄ ᠳ᠋ᠢᠩ ᠭᠧᠨ ᠡᠾᠸᠦ︶           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号