ᠬᠢᠷᠢ ᠲᠡᠩᠴᠡᠭᠰᠡᠨ ᠥᠬᠡᠶ ᠢᠳᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠲᠤᠬᠠᠶ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2024/8/7
     ᠮᠠᠨ ᠤ ᠲᠣᠪᠴᠢᠶ᠎ᠠ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠳᠣᠲᠣᠷ᠎ᠠ ᠠᠴᠠ 1 ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ︵ᠰᠢᠶᠠᠨ ᠤ ᠱᠠᠲᠤᠨ ᠤ ᠲᠣᠰ ᠱᠠᠲᠤ︶ 2024 ᠣᠨ ᠤ ᠥᠪᠥᠷ ᠮᠣᠩᠭᠤᠯ ᠤᠨ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠪᠠ 1 ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ︵ᠬᠤᠲᠠ ᠶᠢᠨ ᠱᠠᠲᠤᠨ ᠤ ᠲᠣᠰ ᠱᠠᠲᠤ︶ 2024 ᠣᠨ ᠤ ᠥᠪᠥᠷ ᠮᠣᠩᠭᠤᠯ ᠤᠨ ᠬᠥᠬᠡᠬᠤᠲᠠ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠤᠯᠵᠤ᠂ ᠰᠢᠯᠭᠠᠨ ᠪᠠᠶᠢᠴᠠᠭᠠᠭᠰᠠᠨ ᠳ᠋ᠦᠩ ᠨᠢ ᠬᠢᠷᠢ ᠲᠡᠩᠴᠡᠭᠰᠡᠨ ᠥᠬᠡᠶ᠃ ᠣᠲᠣ ᠬᠢᠷᠢ ᠲᠡᠩᠴᠡᠭᠰᠡᠨ ᠥᠬᠡᠶ ᠢᠳᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠢᠦᠢ ᠴᠢᠤᠸᠠᠨ ᠲᠣᠭᠤᠷᠢᠭ ᠤᠨ ᠾᠧ ᠭᠦᠸᠧ ᠰᠢᠶᠠᠨ ᠳᠦᠭᠦᠮ ᠳᠡᠯᠭᠡᠭᠦᠷ      ︵ᠨᠢᠭᠡ︶ ᠰᠤᠭᠤᠴᠢᠨ ᠪᠠᠶᠢᠴᠠᠭᠠᠭᠰᠠᠨ ᠦᠨᠳᠦᠰᠦᠨ ᠪᠠᠶᠢᠳᠠᠯ      ᠦᠯᠢᠭᠡᠷ ᠡᠳ᠋ ᠤᠨ ᠨᠡᠷᠡᠶᠢᠳᠦᠯ᠄ ᠰᠢᠤ ᠴᠢᠨ ᠭᠠᠶᠢᠮᠦ︔ ᠥᠯᠢᠭᠡᠷ ᠠᠪᠬᠤ ᠰᠠᠭᠤᠷᠢ ᠲᠤᠭ᠎ᠠ᠄ 9 ᠤᠭᠤᠲᠠ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠬᠦᠬᠦᠷ ᠤᠨ ᠳᠠᠪᠬᠤᠷ ᠢᠰᠦᠯ ᠤᠨ ᠦᠯᠡᠳᠡᠭᠳᠡᠯ ᠤᠨ ᠬᠡᠮᠵᠢᠶ᠎ᠡ ᠶᠢᠨ ᠲᠥᠷᠥᠯ ᠵᠦᠢᠯ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠯᠦ ᠢ ᠵᠢᠩ ᠫᠦ᠋ ᠰᠢᠯᠭᠠᠨ ᠪᠠᠶᠢᠴᠠᠭᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠃      ︵ᠬᠤᠶᠠᠷ︶ ᠪᠠᠶᠢᠳᠠᠯ ᠢ ᠪᠠᠶᠢᠴᠠᠭᠠᠬᠤ       ᠪᠠᠶᠢᠴᠠᠭᠠᠯᠲᠠ ᠪᠠᠷ ᠳᠠᠮᠵᠢᠨ᠂ ᠢᠦᠢ ᠴᠢᠤᠸᠠᠨ ᠲᠣᠭᠤᠷᠢᠭ ᠤᠨ ᠾᠧ ᠭᠦᠸᠧ ᠰᠢᠶᠠᠨ ᠳᠦᠭᠦᠮ ᠳᠡᠯᠭᠡᠭᠦᠷ ᠤᠨ ᠡᠵᠡᠩᠨᠡᠭᠰᠡᠨ ᠰᠢᠦ ᠴᠢᠨ ᠭᠠᠶᠢᠮᠤ ᠨᠢ ᠨᠡᠶᠢᠲᠡ 15 ᠤᠭᠤᠲᠠ ᠪᠠᠶᠢᠵᠤ᠂ ᠨᠢᠭᠡᠨᠲᠡ ᠪᠦᠬᠦᠨ ᠢᠶᠠᠷ ᠢᠶᠠᠨ ᠡᠵᠡᠩᠨᠡᠵᠦ᠂ ᠪᠠᠷᠠᠭᠠᠨ ᠤ ᠥᠷᠲᠡᠭ ᠨᠢ 52.5 ᠲᠥᠭᠦᠷᠢᠭ ᠪᠠᠶᠢᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠳᠡᠯᠭᠡᠭᠦᠷ ᠢ ᠨᠢᠭᠡᠨᠲᠡ ᠵᠠᠷᠯᠢᠭᠳᠠᠵᠤ ᠪᠠᠶᠢᠭᠠᠳ ᠡᠭᠡᠭᠦᠯᠦᠨ ᠠᠪᠴᠢᠷᠠᠬᠤ ᠲᠥᠯᠥᠪᠯᠡᠭᠡ ᠲᠣᠭᠲᠠᠭᠠᠯᠭᠠᠬᠤ ᠶᠢᠨ ᠬᠠᠮᠲᠤ ᠡᠭᠡᠭᠦᠯᠦᠨ ᠠᠪᠴᠢᠷᠠᠬᠤ ᠠᠯᠪᠠᠨ ᠵᠠᠷ ᠨᠡᠶᠢᠲᠡᠯᠡᠵᠦ᠂ ᠬᠢᠷᠢ ᠲᠡᠩᠴᠡᠭᠰᠡᠨ ᠦᠭᠡᠢ ᠪᠦᠲᠦᠭᠡᠭᠳᠡᠬᠦᠨ ᠢ ᠡᠭᠡᠭᠦᠯᠦᠨ ᠠᠪᠴᠢᠷᠠᠬᠤ ᠪᠤᠯᠤᠨ᠎ᠠ᠃      ᠬᠤᠶᠠᠷ᠂ ᠢᠦᠶ ᠴᠢᠤᠸᠠᠨ ᠲᠣᠭᠤᠷᠢᠭ ᠤᠨ ᠵᠧᠩ ᠵᠢᠶᠦ᠋ᠨ ᠬᠠᠭᠤᠷᠠᠢ ᠵᠢᠮᠢᠰ ᠡᠵᠡᠩᠨᠡᠨ ᠪᠣᠷᠣᠯᠠᠭᠤᠯᠬᠤ ᠭᠠᠵᠠᠷ      ︵ᠨᠢᠭᠡ︶ ᠰᠤᠭᠤᠴᠢᠨ ᠪᠠᠶᠢᠴᠠᠭᠠᠭᠰᠠᠨ ᠦᠨᠳᠦᠰᠦᠨ ᠪᠠᠶᠢᠳᠠᠯ      ᠦᠯᠢᠭᠡᠷ ᠡᠳ᠋ ᠤᠨ ᠨᠡᠷᠡᠶᠢᠳᠦᠯ᠄ ᠱᠣᠷᠪᠣᠭ ᠰᠦ ᠲᠠᠢ ᠴᠠᠢ︔ ᠦᠯᠢᠭᠡᠷ ᠠᠪᠬᠤ ᠰᠠᠭᠤᠷᠢ ᠲᠤᠭ᠎ᠠ᠄ 10 ᠤᠭᠤᠲᠠ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠪᠠᠺᠲ᠋ᠧᠷᠢ ᠶᠢᠨ ᠪᠥᠭᠡᠮᠨᠡᠷᠡᠯ ᠤᠨ ᠶᠡᠷᠦᠩᠬᠡᠶ ᠲᠤᠭ᠎ᠠ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃      ︵ᠬᠤᠶᠠᠷ︶ ᠪᠠᠶᠢᠳᠠᠯ ᠢ ᠪᠠᠶᠢᠴᠠᠭᠠᠬᠤ      ᠪᠠᠶᠢᠴᠠᠭᠠᠯᠲᠠ ᠪᠠᠷ ᠳᠠᠮᠵᠢᠨ᠂ ᠢᠦᠢ ᠴᠢᠤᠸᠠᠨ ᠲᠣᠭᠤᠷᠢᠭ ᠤᠨ ᠵᠧᠩ ᠵᠢᠶᠦ᠋ᠨ ᠬᠠᠭᠤᠷᠠᠢ ᠵᠢᠮᠢᠰ ᠡᠵᠡᠩᠨᠡᠨ ᠪᠣᠷᠣᠯᠠᠭᠤᠯᠬᠤ ᠭᠠᠵᠠᠷ ᠤᠨ ᠡᠵᠡᠩᠨᠡᠭᠰᠡᠨ ᠱᠤᠷᠪᠤᠭ ᠰᠦ ᠲᠠᠢ ᠴᠠᠢ ᠨᠡᠶᠢᠲᠡ 52 ᠤᠭᠤᠲᠠ ᠪᠠᠶᠢᠵᠤ᠂ ᠨᠢᠭᠡᠨᠲᠡ ᠪᠦᠬᠦᠨ ᠢᠶᠠᠷ ᠢᠶᠠᠨ ᠡᠵᠡᠩᠨᠡᠵᠦ᠂ ᠪᠠᠷᠠᠭᠠᠨ ᠤ ᠥᠷᠲᠡᠭ ᠨᠢ 338 ᠲᠥᠭᠦᠷᠢᠭ ᠪᠠᠶᠢᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠺᠤᠮᠫᠠᠨᠢ ᠶᠢ ᠨᠢᠭᠡᠨᠲᠡ ᠵᠠᠷᠯᠢᠭᠳᠠᠵᠤ ᠪᠠᠶᠢᠭᠠᠳ ᠡᠭᠡᠭᠦᠯᠦᠨ ᠠᠪᠴᠢᠷᠠᠬᠤ ᠲᠥᠯᠥᠪᠯᠡᠭᠡ ᠲᠣᠭᠲᠠᠭᠠᠯᠭᠠᠬᠤ ᠶᠢᠨ ᠬᠠᠮᠲᠤ ᠡᠭᠡᠭᠦᠯᠦᠨ ᠠᠪᠴᠢᠷᠠᠬᠤ ᠠᠯᠪᠠᠨ ᠵᠠᠷ ᠨᠡᠶᠢᠲᠡᠯᠡᠵᠦ᠂ ᠬᠢᠷᠢ ᠲᠡᠩᠴᠡᠭᠰᠡᠨ ᠦᠭᠡᠢ ᠪᠦᠲᠦᠭᠡᠭᠳᠡᠬᠦᠨ ᠢ ᠡᠭᠡᠭᠦᠯᠦᠨ ᠠᠪᠴᠢᠷᠠᠬᠤ ᠪᠤᠯᠤᠨ᠎ᠠ᠃      ᠭᠤᠷᠪᠠ᠂ ᠬᠡᠷᠡᠭᠯᠡᠭᠡᠨ ᠤ ᠰᠠᠨᠠᠭᠤᠯᠤᠮᠵᠢ      ᠥᠷᠭᠡᠨ ᠣᠯᠠᠨ ᠬᠡᠷᠡᠭᠯᠡᠭᠴᠢᠳ ᠬᠡᠷᠪᠡ ᠢᠳᠡᠭᠡᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ 12315 ᠬᠠᠯᠠᠮᠰᠢᠯ ᠤᠲᠠᠰᠤ ᠪᠠᠷ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃      ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ               2024 ᠣᠨ ᠤ 8 ᠳ᠋ᠤᠭᠠᠷ ᠰᠠᠷ᠎ᠠ ᠶᠢᠨ 5 ᠤ ᠡᠳᠦᠷ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号