ᠢᠦᠢ ᠴᠢᠤᠸᠠᠨ ᠲᠣᠭᠤᠷᠢᠭ ᠤᠨ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ ᠵᠤᠬᠢᠶᠠᠨ ᠪᠠᠶᠢᠭᠤᠯᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠪᠠ
ᠨᠡᠶᠢᠲᠡᠯᠡᠭᠰᠡᠨ ᠴᠠᠭ᠄
2024/8/7
     8 ᠳ᠋ᠤᠭᠠᠷ ᠰᠠᠷ᠎ᠠ ᠶᠢᠨ 6 ᠤ ᠡᠳᠦᠷ᠂ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠵᠢᠶᠠ ᠰᠢᠶᠤᠤ ᠹᠸᠢ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ︾ ᠶᠢᠨ ᠬᠤᠶᠠᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠲᠤᠰᠬᠠᠢ ᠰᠡᠳᠦᠪ ᠢᠶᠠᠷ ᠰᠤᠷᠤᠯᠴᠠᠪᠠ᠃
     ᠬᠤᠷᠠᠯ ᠠᠴᠠ ᠵᠢᠭᠠᠨ ᠭᠠᠷᠭᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠂ ᠪᠦᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠪᠣᠯᠤᠨ᠎ᠠ᠂ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠭᠤᠣᠯᠳᠠᠯᠭ᠎ᠠ ᠨᠢ ᠪᠦᠬᠦᠳᠡ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ︔ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢ ᠨᠢᠭᠡ ᠲᠠᠯ᠎ᠠ ᠪᠠᠷ ᠠᠳᠬᠤᠬᠤ ᠬᠡᠷᠡᠭᠲᠡᠢ︔ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠶ︔ ᠨᠠᠮ ᠤᠨ ᠭᠡᠰᠢᠭᠦᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠵᠡᠮᠵᠢ ᠶᠢᠨ ᠣᠷᠣᠨ ᠤ ᠡᠯ᠎ᠡ ᠵᠦᠢᠯ ᠤᠨ ᠠᠵᠢᠯ ᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号