2024 ᠣᠨ ᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠠᠮᠠᠷᠠᠯᠲᠠ ᠶᠢᠨ ᠡᠳᠦᠷ ᠤᠨ ᠬᠤᠭᠤᠴᠠᠭᠠᠨ ᠤ ᠠᠮᠠᠷᠠᠯᠲᠠ ᠲᠠᠯᠪᠢᠬᠤ ᠲᠣᠬᠢᠷᠠᠭᠤᠯᠤᠯᠲᠠ ᠶᠢᠨ ᠲᠤᠬᠠᠢ ᠢᠦᠢ ᠴᠢᠤᠸᠠᠨ ᠲᠣᠭᠤᠷᠢᠭ ᠤᠨ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ ᠤᠨ ᠮᠡᠳᠡᠭᠳᠡᠯ
ᠨᠡᠶᠢᠲᠡᠯᠡᠭᠰᠡᠨ ᠴᠠᠭ᠄
2024/9/12
ᠡᠯ᠎ᠡ ᠲᠠᠰᠤᠭ ᠭᠡᠷ ᠲᠤ᠄      ᠤᠯᠤᠰ ᠤᠨ ᠬᠠᠤᠯᠢ ᠳᠤ ᠲᠣᠭᠲᠠᠭᠠᠭᠰᠠᠨ ᠠᠮᠠᠷᠠᠯᠲᠠ ᠶᠢᠨ ᠡᠳᠦᠷ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠢᠦᠢ ᠴᠢᠤᠸᠠᠨ ᠲᠣᠭᠤᠷᠢᠭ ᠤᠨ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ ᠤᠨ 2024 ᠣᠨ ᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠠᠮᠠᠷᠠᠯᠲᠠ ᠲᠠᠯᠪᠢᠬᠤ ᠲᠣᠬᠢᠷᠠᠭᠤᠯᠤᠯᠲᠠ ᠶᠢ ᠳᠣᠤᠷᠠᠬᠢ ᠮᠡᠲᠦ ᠮᠡᠳᠡᠭᠳᠡᠶ᠎ᠡ᠄      1. 9 ᠳ᠋ᠦ᠋ᠭᠡᠷ ᠰᠠᠷ᠎ᠠ ᠶᠢᠨ 15 ᠤ ᠡᠳᠦᠷ ︵ᠭᠠᠷᠠᠭ ᠤᠨ ᠡᠳᠦᠷ︶ ᠠᠴᠠ 9 ᠳ᠋ᠦ᠋ᠭᠡᠷ ᠰᠠᠷ᠎ᠠ ᠶᠢᠨ 17 ᠤ ᠡᠳᠦᠷ ︵ᠭᠠᠷᠠᠭ ᠤᠨ ᠬᠤᠶᠠᠷ︶ ᠪᠣᠯᠲᠠᠯ᠎ᠠ 3 ᠡᠳᠦᠷ ᠠᠮᠠᠷᠠᠨ᠎ᠠ︔      2. 9 ᠳ᠋ᠦ᠋ᠭᠡᠷ ᠰᠠᠷ᠎ᠠ ᠶᠢᠨ 14 ᠤ ᠡᠳᠤᠷ ︵ᠭᠠᠷᠠᠭ ᠤᠨ ᠵᠢᠷᠭᠤᠭᠠᠨ︶ ᠠᠵᠢᠯᠯᠠᠨ᠎ᠠ᠃      3. ᠵᠢᠵᠢᠭᠦᠷᠯᠡᠭᠴᠢ ᠵᠢᠵᠢᠭᠦᠷᠯᠡᠬᠦ ᠴᠠᠭ ᠤᠨ ᠴᠠᠭ ᠪᠠ ᠱᠠᠭᠠᠷᠳᠠᠯᠭ᠎ᠠ ᠶᠢ ᠦᠨᠳᠦᠰᠦᠯᠡᠨ᠂ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠡᠨᠡᠳᠲᠡ ᠶᠢᠨ ᠬᠡᠷᠡᠭ ᠲᠣᠬᠢᠶᠠᠯᠳᠤᠪᠠᠯ ᠲᠣᠭᠲᠠᠭᠠᠯ ᠶᠣᠰᠣᠭᠠᠷ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠲᠣᠬᠢᠲᠠᠶ ᠰᠢᠢᠳᠪᠦᠷᠢᠯᠡᠬᠦ ᠬᠡᠷᠡᠭᠲᠡᠶ᠃      ᠣᠨᠴᠠᠭᠠᠶᠢᠯᠠᠨ ᠮᠡᠳᠡᠭᠳᠡᠪᠡ᠃      ᠢᠦᠢ ᠴᠢᠤᠸᠠᠨ ᠲᠣᠭᠤᠷᠢᠭ ᠤᠨ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ                  2024 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号