ᠤᠶᠢᠷ᠎ᠠ ᠶᠢᠨ ᠡᠳᠦᠷ᠂ ᠬᠥᠬᠡᠬᠤᠲᠠ ᠶᠢᠨ ᠢᠦᠢ ᠴᠢᠤᠸᠠᠨ ᠲᠣᠭᠤᠷᠢᠭ ᠢ ᠴᠠᠩ ᠬᠤᠲᠠ ᠶᠢᠨ ᠰᠢᠩ ᠱᠠᠨ | ᠰᠢᠶᠠᠨ ᠤ ᠬᠤᠶᠠᠷ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠪᠠᠷ ︽ᠦᠵᠡᠰᠭᠦᠯᠡᠩᠲᠦ ᠰᠠᠶᠢᠬᠠᠨ | ᠵᠣᠣ ᠵᠢᠶᠦ᠋ᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠦᠨᠳᠦᠰᠦᠲᠡᠨ ᠤ ᠪᠦᠯᠬᠦᠮᠳᠡᠯ ᠤᠨ ᠬᠠᠶᠢᠷ᠎ᠠ ᠰᠡᠳᠭᠢᠯᠭᠡ ᠶᠢ | ᠵᠤᠵᠠᠭᠠᠳᠬᠠᠬᠤ︾ — ︽ᠬᠤᠪᠧᠢ ᠶᠢᠨ ᠪᠠᠭᠠᠴᠤᠳ ᠲᠠᠯ᠎ᠠ ᠨᠤᠲᠤᠭ ᠲᠤ ᠤᠷᠤᠬᠤ︾ ᠰᠤᠳᠤᠯᠤᠨ ᠰᠤᠷᠤᠯᠴᠠᠵᠤ | ᠰᠣᠯᠢᠯᠴᠠᠬᠤ ᠠᠵᠢᠯᠯᠠᠭ᠎ᠠ ᠶᠢ ᠡᠷᠬᠢᠯᠡᠪᠡ᠃ ᠰᠢᠩ ᠱᠠᠨ ᠰᠢᠶᠠᠨ ᠪᠣᠯᠤᠨ ᠢᠦᠢ ᠴᠢᠤᠸᠠᠨ ᠲᠣᠭᠤᠷᠢᠭ ᠤᠨ ᠬᠤᠶᠠᠷ | ᠭᠠᠵᠠᠷ ᠤᠨ 50 ᠵᠠᠯᠠᠭᠤᠴᠤᠳ ᠪᠠᠭᠠᠴᠤᠳ ᠬᠠᠮᠲᠤᠪᠠᠷ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ | | | | | ᠠᠵᠢᠯᠯᠠᠭ᠎ᠠ ᠶᠢᠨ ᠠᠬᠤᠢ ᠲᠠᠯᠠᠪᠠᠢ ᠳᠤ᠂ ᠬᠤᠪᠸᠢ ᠶᠢᠨ ᠰᠤᠷᠤᠭᠴᠢᠳ ᠪᠣᠯᠤᠨ ᠥᠪᠥᠷ ᠮᠣᠩᠭᠤᠯ ᠤᠨ | ᠰᠤᠷᠤᠭᠴᠢᠳ ᠵᠤᠤ ᠵᠢᠶᠦ᠋ᠨ ᠤ ᠰᠣᠶᠣᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠪᠰᠡᠯ ᠤᠷᠤᠭ ᠤᠨ ᠲᠡᠦᠬᠡ ᠪᠠᠨ | ᠲᠠᠬᠢᠨ ᠡᠷᠭᠢᠴᠡᠭᠦᠯᠵᠦ᠂ ᠭᠦᠨᠵᠡᠭᠡᠢ ᠰᠣᠯᠢᠯᠴᠠᠭ᠎ᠠ ᠰᠤᠷᠤᠯᠴᠠᠯᠭ᠎ᠠ ᠶᠢ ᠥᠷᠨᠢᠭᠦᠯᠵᠦ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠬᠠᠯᠠᠭᠤᠨ ᠰᠡᠳᠬᠢᠯᠭᠡ ᠪᠠᠷ ︽ᠬᠤᠪᠧᠢ ᠦᠪᠦᠷ ᠮᠣᠩᠭᠤᠯ ᠤᠨ ᠬᠠᠶᠢᠷ᠎ᠠ ᠰᠡᠳᠬᠢᠯᠭᠡ︾ | ᠶᠢ ᠲᠠᠶᠢᠯᠪᠤᠷᠢᠯᠠᠵᠤ᠂ ᠨᠦᠬᠦᠷᠯᠡᠯ ᠢᠶᠠᠷ ᠢᠶᠠᠨ ︽ᠰᠡᠳᠬᠢᠯ ᠨᠢᠭᠡᠳᠦᠨ ᠰᠣᠯᠢᠯᠴᠠᠬᠤ︾ ᠶᠢ ᠪᠢᠴᠢᠭᠯᠡᠪᠡ᠃ ᠢᠦᠢ | ᠴᠢᠤᠸᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠶᠢᠷᠠᠭᠤᠯᠤᠨ ᠵᠣᠬᠢᠶᠠᠭᠰᠠᠨ | ᠦᠨᠳᠦᠰᠦᠲᠡᠨ ᠤ ᠪᠦᠯᠬᠦᠮᠳᠡᠯ ᠤᠨ ᠡᠭᠦᠳᠦᠨ ᠪᠠᠶᠢᠭᠤᠯᠤᠭᠰᠠᠨ ᠳᠠᠭᠤᠤ ︽ᠡᠷᠲᠡᠨ ᠤ ᠡᠭᠡᠰᠢᠭᠯᠡᠯᠲᠦ ᠢᠦᠢ ᠴᠢᠤᠸᠠᠨ | ᠠᠨᠠᠷ ᠤᠨ ᠴᠡᠴᠡᠭ ᠳᠡᠯᠭᠡᠷᠡᠬᠦ︾᠂ ᠬᠥᠬᠡᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ᠂ ᠰᠢᠩ ᠱᠠᠨ ᠰᠢᠶᠠᠨ ᠤ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠣᠩᠭᠤᠨ ᠬᠦᠷᠭᠡᠭᠰᠡᠨ ︽ᠪᠣᠭᠤᠮᠲᠠ ᠶᠢᠨ ᠭᠠᠳᠠᠨᠠᠬᠢ ᠤᠷᠢᠶ᠎ᠠ︾ ︽ᠵᠤᠤ | ᠵᠢᠶᠦ᠋ᠨ ᠨᠤᠲᠤᠭ ᠲᠠᠭᠠᠨ ᠪᠤᠴᠠᠬᠤ︾᠂ ︽ᠵᠤᠤ ᠵᠢᠶᠦ᠋ᠨ ᠪᠤᠭᠤᠮᠲᠠ ᠠᠴᠠ ᠭᠠᠷᠬᠤ︾ ᠵᠡᠷᠭᠡ 14 ᠲᠣᠭᠯᠠᠯᠲᠠ | ᠲᠤᠬᠠᠢ ᠶᠢᠨ ᠲᠠᠯᠠᠪᠠᠢ ᠳᠤ ᠶᠠᠪᠤᠭᠳᠠᠪᠠ᠃ | | | | | ᠲᠣᠰ ᠤᠳᠠᠭᠠᠨ ᠤ ᠰᠤᠳᠤᠯᠤᠨ ᠰᠤᠷᠤᠯᠴᠠᠵᠤ ᠰᠣᠯᠢᠯᠴᠠᠬᠤ ᠠᠵᠢᠯᠯᠠᠭ᠎ᠠ ᠨᠢ ᠵᠣᠣ ᠵᠢᠶᠦ᠋ᠨ ᠤ ᠰᠣᠶᠣᠯ ᠢᠶᠠᠷ | ᠬᠤᠯᠪᠣᠭᠠᠰᠤ ᠪᠣᠯᠭᠠᠵᠤ᠂ ᠬᠤᠶᠠᠷ ᠭᠠᠵᠠᠷ ᠤᠨ ᠵᠠᠯᠠᠭᠤᠴᠤᠳ ᠪᠠᠭᠠᠴᠤᠳ ᠤᠨ ᠰᠡᠳᠬᠢᠯ ᠳᠤ ᠦᠨᠳᠦᠰᠦᠲᠡᠨ ᠤ | ᠪᠦᠯᠬᠦᠮᠳᠡᠯ ᠤᠨ ᠦᠷ᠎ᠡ ᠶᠢ ᠦᠨᠳᠦᠰᠦᠯᠡᠭᠦᠯᠵᠦ᠂ ᠵᠣᠣ ᠵᠢᠶᠦ᠋ᠨ ᠪᠤᠭᠤᠮᠲᠠ ᠠᠴᠠ ᠭᠠᠷᠬᠤ ᠵᠠᠮ ᠳᠠᠭᠠᠤ ᠶᠢᠨ | ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠬᠠᠮᠲᠤ ᠪᠠᠷ ᠠᠬᠢᠭᠤᠯᠬᠤ ᠳᠤ ᠦᠢᠯᠡᠳᠦᠯᠭᠡ ᠶᠢᠨ ᠠᠷᠭ᠎ᠠ ᠵᠠᠮ ᠬᠠᠩᠭᠠᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠦᠷᠭᠦᠯᠵᠢᠯᠡᠨ ᠬᠦᠴᠦᠯᠡᠵᠦ᠂ ᠨᠡᠩ ᠤᠯᠠᠨ | ᠵᠠᠯᠠᠭᠤᠴᠤᠳ ᠪᠠᠭᠠᠴᠤᠳ ᠢ ᠡᠶᠢᠮᠦᠷᠬᠦ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠭᠤᠯᠵᠤ᠂ | ᠦᠨᠳᠦᠰᠦᠲᠡᠨ ᠤ ᠪᠦᠯᠬᠦᠮᠳᠡᠯ ᠤᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠭᠦᠯᠦᠨᠡ᠃ | | | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |