ᠠᠵᠢᠯ ᠣᠯᠭᠤᠯᠲᠠ ᠨᠢ ᠠᠷᠠᠳ ᠤᠨ ᠠᠮᠢᠳᠤᠷᠠᠯ ᠤᠨ ᠰᠠᠭᠤᠷᠢ ᠪᠣᠯᠤᠭᠰᠠᠨ ᠤ ᠬᠤᠪᠢ ᠳᠤ᠂ ᠠᠵᠤ ᠠᠬᠤᠢ | ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢᠨ ᠵᠠᠩᠭᠢᠯᠠᠭ᠎ᠠ ᠶᠢᠨ ᠬᠥᠳᠡᠯᠭᠡᠬᠦ ᠬᠦᠴᠦᠨ ᠮᠥᠨ᠂ ᠨᠡᠩ ᠴᠤ | ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢᠨ ᠪᠠᠲᠤ ᠪᠠᠬᠢ ᠰᠠᠭᠤᠷᠢ ᠮᠥᠨ᠃ ᠢᠦᠢ ᠴᠢᠤᠸᠠᠨ | ᠲᠣᠭᠤᠷᠢᠭ ᠲᠤᠰ ᠲᠤᠭᠤᠷᠢᠭ ᠤᠨ ᠬᠢᠨ ᠠᠵᠢᠯ ᠣᠯᠭᠤᠯᠲᠠ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠵᠢᠯ | ᠣᠯᠭᠤᠯᠲᠠ ᠶᠢᠨ ᠥᠷᠢᠰᠥᠯᠳᠦᠭᠡᠨ ᠢ ᠭᠦᠨᠵᠡᠭᠡᠢ ᠵᠠᠳᠠᠯᠵᠤ᠂ ᠬᠥᠭᠵᠢᠯᠲᠡ ᠪᠠᠷ ᠠᠵᠢᠯ ᠣᠯᠭᠤᠯᠲᠠ ᠶᠢ ᠳᠠᠶᠢᠴᠢᠯᠠᠬᠤ | ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ | ᠬᠥᠭᠵᠢᠯ ᠴᠡᠴᠡᠭᠯᠡᠯ ᠢ ᠠᠬᠢᠭᠤᠯᠪᠠ᠃ | | | | | | | | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ ᠳᠤ ᠨᠡᠩ ᠪᠦᠬᠦ ᠰᠡᠳᠬᠢᠯ ᠢᠶᠠᠷ ᠢᠶᠠᠨ ᠴᠢᠷᠮᠠᠶᠢᠪᠠ | ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠲᠤᠬᠠᠶ ᠶᠢᠨ | ᠭᠠᠵᠠᠷ ᠲᠤᠨᠢ ᠰᠤᠷᠪᠤᠯᠵᠢᠯᠠᠬᠤ ᠵᠢᠴᠢ ᠤᠲᠠᠰᠤ ᠪᠠᠷ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ | ᠠᠬᠤᠶᠢᠯᠠᠯ᠂ ᠵᠡᠭᠡᠯᠢ ᠭᠤᠳᠤᠮᠵᠢ ᠨᠡᠶᠢᠭᠡᠮ ᠲᠣᠭᠤᠷᠢᠭ ︵ᠲᠣᠰᠬᠤᠨ︶᠂ ᠶᠡᠭᠡ ᠳᠡᠭᠡᠳᠦ ᠰᠤᠷᠭᠠᠭᠤᠯᠢ ᠵᠡᠷᠭᠡ | ᠭᠠᠵᠠᠷ ᠲᠤ ᠦᠷᠭᠦᠯᠵᠢᠯᠡᠨ ᠭᠦᠨᠵᠡᠭᠡᠶᠢᠷᠡᠨ ︽ᠲᠥᠷᠥ ᠶᠢᠨ ᠪᠣᠳᠣᠯᠭ᠎ᠠ ᠬᠦᠷᠭᠡᠬᠦ᠂ ᠦᠢᠯᠡᠴᠢᠯᠡᠭᠡ ᠬᠦᠷᠭᠡᠬᠦ︾ | ᠠᠵᠢᠯᠯᠠᠭ᠎ᠠ ᠥᠷᠨᠢᠭᠦᠯᠵᠦ᠂ ᠨᠡᠶᠢᠲᠡ 228 ᠠᠵᠤ ᠠᠬᠤᠶᠢᠯᠠᠯ ᠳᠤ ᠦᠢᠯᠡᠴᠢᠯᠡᠪᠡ︔ ᠠᠵᠢᠯᠲᠠᠨ ᠡᠯᠰᠡᠬᠦ | ᠠᠵᠢᠯᠯᠠᠭ᠎ᠠ ᠶᠢ ᠪᠣᠶ ᠪᠣᠯᠭᠠᠵᠤ᠂ ᠥᠷᠭᠡᠨ ᠣᠯᠠᠨ ᠠᠵᠢᠯ ᠡᠷᠢᠭᠴᠢ ᠵᠢᠴᠢ ᠡᠯ᠎ᠡ ᠬᠥᠮᠦᠨ ᠬᠡᠷᠡᠭᠯᠡᠬᠦ ᠨᠢᠭᠡᠴᠢ ᠳᠤ | ᠠᠵᠢᠯ ᠣᠯᠭᠤᠬᠤ ᠬᠥᠭᠦᠷᠭᠡ ᠪᠠᠶᠢᠭᠤᠯᠤᠨ ᠥᠭᠴᠦ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠢ 465 | ᠵᠣᠬᠢᠶᠠᠨ ᠪᠠᠶᠢᠭᠤᠯᠵᠤ᠂ ᠨᠡᠶᠢᠲᠡ 14474 ᠠᠵᠢᠯ ᠤᠨ ᠪᠠᠶᠢᠷᠢ ᠬᠠᠩᠭᠠᠵᠤ᠂ 3232 ᠬᠥᠮᠦᠨ ᠳᠤ ᠠᠵᠢᠯ | ᠣᠯᠭᠤᠬᠤ ᠰᠠᠨᠠᠮᠵᠢ ᠲᠠᠢ ᠪᠣᠯᠪᠠ᠃ | | | | | | | | ᠤᠨᠢᠨ ᠳᠡᠭᠡᠷ᠎ᠡ ᠨᠢ ᠬᠦᠴᠦᠯᠡᠵᠦ᠂ ᠨᠡᠶᠢᠭᠡᠮ ᠤᠨ ᠪᠠᠲᠤᠯᠠᠭ᠎ᠠ ᠨᠡᠩ ᠳᠣᠲᠣᠨᠣ ᠪᠣᠯᠪᠠ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠶᠡᠷᠦᠩᠬᠡᠶ | ᠱᠠᠭᠠᠷᠳᠠᠯᠭ᠎ᠠ ᠶᠣᠰᠣᠭᠠᠷ᠂ ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠡᠷᠦᠩᠬᠡᠶᠢᠯᠡᠭᠰᠡᠨ ᠯᠠᠩᠭᠦᠶ ᠶᠢᠨ ᠲᠦᠷᠢᠮ ᠤᠨ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ | ᠲᠤᠭᠤᠷᠢᠭ ᠲᠤ ᠨᠡᠶᠢᠲᠡ 11 ᠶᠡᠷᠦᠩᠬᠡᠶᠢᠯᠡᠭᠰᠡᠨ ᠯᠠᠩᠭᠦᠶ ᠶᠢᠨ ᠳᠦᠷᠢᠮᠲᠦ ᠦᠢᠯᠡᠴᠢᠯᠡᠭᠡᠨ ᠤ ᠴᠤᠩᠬᠤᠪᠴᠢ | ᠭᠠᠷᠭᠠᠵᠤ᠂ ᠡᠭᠦᠨ ᠳᠤ ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ 2 | ᠴᠤᠩᠬᠤᠪᠴᠢ᠂ ᠨᠢᠭᠡ ᠪᠠᠯᠭᠠᠰᠤ ᠨᠠᠢᠮᠠᠨ ᠠᠯᠪᠠᠨ ᠭᠡᠷ 9 ᠴᠤᠩᠬᠤᠪᠴᠢ ᠭᠠᠷᠭᠠᠵᠤ᠂ ᠨᠡᠶᠢᠲᠡ 93 ᠵᠦᠢᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠵᠦᠢᠯᠡᠰ ᠵᠢᠴᠢ 17 ᠵᠦᠢᠯ ᠤᠨ ᠳᠠᠷᠤᠶ ᠲᠦᠷᠭᠡᠨ ᠭᠦᠢᠴᠡᠳᠭᠡᠬᠦ ᠵᠦᠢᠯᠡᠰ ᠢ | ᠭᠥᠯᠢᠶᠡᠨ ᠠᠪᠬᠤ ᠶᠢᠨ ᠬᠠᠮᠲᠤ ᠶᠡᠷᠦᠩᠬᠡᠶᠢᠯᠡᠭᠰᠡᠨ ᠯᠠᠩᠭᠦᠶ ᠪᠠ ᠬᠤᠩᠭᠢᠯ ᠳᠤ ᠭᠠᠷ ᠤᠨ ᠥᠰᠥᠭ ᠵᠢᠷᠤᠬᠤ ᠪᠠ | ᠪᠣᠰᠤᠭ᠎ᠠ ᠬᠡᠯᠪᠡᠷᠢ ᠪᠠᠷ ᠤᠬᠠᠭᠤᠯᠬᠤ ᠵᠢᠶᠠᠰᠠ ᠭᠠᠷᠭᠠᠵᠤ᠂ ᠡᠮᠬᠢᠯᠡᠨ ᠲᠢᠭᠯᠡᠵᠦ ᠭᠠᠷᠭᠠᠭᠰᠠᠨ ᠨᠠᠷᠢᠨ ᠲᠠᠩᠰᠠ ᠶᠢᠨ | ᠵᠦᠢᠯᠡᠰ ᠢ ᠵᠠᠷᠯᠠᠨ ᠨᠡᠶᠢᠲᠡᠯᠡᠵᠦ᠂ ᠰᠠᠭᠤᠭᠠᠯᠢ ᠠᠷᠠᠳ ᠲᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠡᠷᠢᠨ | ᠤᠯᠵᠤ᠂ ᠲᠣᠳᠣᠷᠬᠠᠶ ᠦᠵᠡᠵᠦ᠂ ᠰᠠᠭᠤᠭᠠᠯᠢ ᠠᠷᠠᠳ ᠢ ᠨᠢᠭᠡ ᠶᠠᠪᠤᠳᠠᠯ ᠢ ᠨᠢᠭᠡ ᠡᠭᠦᠳᠡ ᠪᠠᠷ ᠭᠦᠢᠴᠡᠳᠭᠡᠨ᠂ ᠨᠢᠭᠡ | ᠴᠤᠩᠬᠤᠪᠴᠢ ᠪᠠᠷ ᠭᠦᠢᠴᠡᠳᠭᠡᠨ᠂ ᠨᠢᠭᠡ ᠯᠡ ᠤᠳᠠᠭ᠎ᠠ ᠳᠤ ᠭᠦᠢᠴᠡᠳᠭᠡᠵᠤ᠂ ᠣᠯᠠᠨ ᠶᠠᠪᠤᠳᠠᠯ ᠢ ᠳᠠᠭᠠᠭᠠᠨ | ᠠᠪᠬᠠᠭᠤᠯᠪᠠ᠃ | | | | | | | | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠥᠳᠡᠯᠮᠦᠷᠢ ᠶᠢᠨ ᠬᠠᠷᠢᠴᠠᠭ᠎ᠠ ᠨᠡᠩ ᠰᠠᠨᠠᠭ᠎ᠠ | ᠠᠮᠤᠷ ᠪᠣᠯᠪᠠ | ᠢᠦᠢ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠬᠥᠳᠡᠯᠮᠦᠷᠢ ᠶᠢᠨ ᠵᠢᠭᠤᠷᠠᠯᠳᠤᠭᠠᠨ ᠢ ᠢᠳᠡᠪᠬᠢᠲᠡᠢ ᠰᠡᠷᠭᠡᠶᠢᠯᠡᠨ ᠠᠷᠢᠯᠭᠠᠵᠤ᠂ ᠬᠥᠳᠡᠯᠮᠦᠷᠢ ᠶᠢᠨ | ᠬᠠᠷᠢᠴᠠᠭ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠪᠠ᠃ ᠬᠥᠳᠡᠯᠮᠦᠷᠢ ᠠᠵᠢᠯᠲᠠᠨ ᠤ | ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠬᠤᠷᠢᠶ᠎ᠠ ︽ᠲᠦᠷᠭᠡᠨ ᠪᠠᠶᠢᠭᠤᠯᠬᠤ᠂ | ᠲᠦᠷᠭᠡᠨ ᠲᠣᠬᠢᠷᠠᠭᠤᠯᠬᠤ᠂ ᠲᠦᠷᠭᠡᠨ ᠰᠢᠭᠦᠬᠦ᠂ ᠲᠦᠷᠭᠡᠨ ᠳᠠᠭᠤᠰᠬᠠᠬᠤ︾ ᠠᠵᠢᠯ ᠤᠨ ᠵᠠᠷᠴᠢᠮ ᠢ ᠢᠮᠠᠭᠲᠠ | ᠪᠠᠷᠢᠮᠲᠠᠯᠠᠵᠤ᠂ ᠣᠲᠣ ᠪᠣᠯᠲᠠᠯ᠎ᠠ ᠡᠯ᠎ᠡ ᠲᠥᠷᠥᠯ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ | ᠬᠡᠷᠡᠭ ᠢ ᠨᠡᠶᠢᠲᠡ 412 ᠬᠤᠪᠢ ᠬᠦᠯᠢᠶᠡᠨ ᠠᠪᠴᠤ ᠰᠢᠢᠳᠪᠦᠷᠢᠯᠡᠵᠦ᠂ 357 ᠬᠡᠷᠡᠭ ᠢ ᠰᠢᠭᠦᠨ ᠳᠠᠭᠤᠰᠬᠠᠵᠤ᠂ | ᠬᠡᠷᠡᠭ ᠳᠠᠭᠤᠰᠬᠠᠭᠰᠠᠨ ᠨᠣᠷᠮ᠎ᠠ ᠨᠢ 81.16% ᠳᠤ ᠬᠦᠷᠴᠦ᠂ ᠡᠶᠡᠳᠡᠭᠦᠯᠭᠡ ᠶᠢᠨ ᠨᠣᠷᠮ᠎ᠠ ᠨᠢ 87.39% ᠳᠤ | ᠬᠦᠷᠴᠦ᠂ ᠡᠴᠦᠰ ᠤᠨ ᠨᠣᠷᠮ᠎ᠠ ᠨᠢ 89.45% ᠳᠤ ᠬᠦᠷᠴᠡᠶ︔ ᠬᠥᠳᠡᠯᠮᠦᠷᠢᠴᠢᠳ ᠤᠨ ᠬᠥᠳᠡᠯᠮᠦᠷᠢ ᠶᠢᠨ | ᠬᠥᠯᠥᠰᠥ ᠣᠯᠭᠤᠮᠵᠢ ᠶᠢᠨ ᠡᠷᠬᠡ ᠠᠰᠢᠭ ᠢ ᠦᠨᠡᠨ ᠬᠦ ᠪᠠᠲᠤᠯᠠᠪᠠ᠃ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ | ᠡᠭᠦᠷᠭᠡ ᠴᠢᠳᠠᠪᠤᠷᠢ ᠦᠨᠳᠦᠰᠦᠨ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠪᠠᠶᠢᠭᠤᠯᠭ᠎ᠠ ᠳᠤ ᠪᠤᠴᠠᠭᠰᠠᠨ ᠤ ᠳᠠᠷᠠᠭ᠎ᠠ᠂ ᠡᠯ᠎ᠡ ᠲᠥᠷᠥᠯ ᠤᠨ ᠵᠠᠭᠠᠯᠳᠤᠯᠭ᠎ᠠ ᠶᠢᠨ ᠴᠠᠯᠢᠩ | ᠥᠷᠢᠲᠦᠭᠰᠡᠨ ᠬᠡᠷᠡᠭ ᠢ ᠨᠡᠶᠢᠲᠡ 903 ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠰᠢᠢᠳᠪᠦᠷᠢᠯᠡᠵᠦ | ᠳᠠᠭᠤᠰᠬᠠᠭᠰᠠᠨ ᠬᠡᠷᠡᠭ ᠤᠨ ᠲᠤᠭ᠎ᠠ 859 ᠬᠤᠪᠢ ᠪᠠᠶᠢᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 95. | 13% ᠪᠣᠯᠤᠨ᠎ᠠ᠃ | ᠠᠵᠤ ᠠᠬᠤᠢ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠪᠣᠳᠣᠯᠬᠢᠯᠠᠨ᠂ ᠲᠡᠭᠦᠨ ᠢ ᠠᠵᠢᠯ ᠣᠯᠭᠤᠯᠲᠠ ᠶᠢ | ᠥᠷᠭᠡᠳᠬᠡᠬᠦ ᠳᠤ ᠨᠡᠩ ᠠᠰᠢᠭᠲᠠᠢ ᠪᠣᠯᠭᠠᠨ᠎ᠠ︔ ᠬᠥᠳᠡᠯᠮᠦᠷᠢᠴᠢᠳ ᠤᠨ ᠬᠡᠷᠡᠭᠴᠡᠭᠡ ᠶᠢ ᠬᠠᠷᠠᠭᠠᠯᠠᠵᠤ᠂ ᠲᠡᠭᠦᠨ ᠢ | ᠢᠳᠡᠪᠬᠢᠲᠡᠢ ᠪᠠᠷ ᠠᠵᠢᠯ ᠣᠯᠭᠤᠬᠤ ᠴᠢᠳᠠᠪᠤᠷᠢ ᠲᠠᠢ ᠪᠣᠯᠭᠠᠨ᠎ᠠ︔ ᠡᠯ᠎ᠡ ᠲᠦᠷᠦᠯ ᠤᠨ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ᠲᠡᠭᠦᠨ ᠢ ᠠᠵᠢᠯ ᠣᠯᠭᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠁ ᠰᠢᠨ᠎ᠡ ᠠᠶᠠᠨ | ᠵᠠᠮ ᠳᠤ ᠣᠷᠣᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠠᠬᠢᠭᠤᠯᠬᠤ | ᠬᠠᠷᠠᠯᠲᠠ ᠶᠢ ᠲᠣᠭᠲᠠᠭᠠᠵᠤ᠂ ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠰᠠᠯᠠᠭ᠎ᠠ ᠮᠥᠴᠢᠷ ᠬᠠᠮᠵᠢᠯᠴᠠᠭᠰᠠᠨ᠂ ᠰᠢᠰᠲ᠋ᠧᠮ ᠬᠤᠯᠪᠣᠭᠠᠯᠠᠨ | ᠬᠥᠳᠡᠯᠦᠯᠴᠡᠭᠰᠡᠨ᠂ ᠦᠢᠯᠡᠴᠢᠯᠡᠭᠡ ᠣᠨᠣᠪᠴᠢᠲᠠᠶ᠂ ᠬᠠᠮᠢᠶᠠᠷᠤᠯᠲᠠ ᠨᠢ ᠰᠢᠨᠵᠢᠯᠡᠬᠦ ᠤᠬᠠᠭᠠᠨᠴᠢ ᠴᠢᠨᠠᠷ ᠰᠠᠶᠢᠲᠠᠶ | ᠠᠵᠢᠯ ᠣᠯᠭᠤᠯᠲᠠ ᠶᠢᠨ ᠠᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠢᠯ ᠣᠯᠭᠤᠯᠲᠠ ᠶᠢᠨ ᠵᠠᠮ ᠢ | ᠠᠷᠠᠳ ᠣᠯᠠᠨ ᠤ ᠵᠣᠯ ᠵᠢᠷᠭᠠᠯ ᠤᠨ ᠵᠠᠮ ᠪᠣᠯᠭᠠᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |