ᠬᠤᠲᠠ ᠶᠢᠨ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠠᠭᠠᠷ | ᠤᠨ ᠰᠡᠷᠭᠡᠶᠢᠯᠡᠯᠲᠡ ᠶᠢᠨ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠳᠬᠠᠵᠤ᠂ ᠠᠭᠠᠷ ᠤᠨ | ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ | ᠬᠤᠲᠠ ᠶᠢᠨ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶᠠᠨ ᠤ ᠮᠠᠰᠢᠨ ᠤ ᠴᠢᠳᠠᠪᠬᠢ ᠶᠢ ᠰᠢᠯᠭᠠᠨ | ᠪᠠᠶᠢᠴᠠᠭᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠬᠠᠤᠯᠢ︾ ᠪᠠ ︽ᠥᠪᠡᠷᠲᠡᠭᠡᠨ ᠵᠠᠰᠠᠬᠤ ᠣᠷᠣᠨ ᠤ ᠠᠭᠠᠷ ᠤᠨ ᠰᠡᠷᠭᠡᠶᠢᠯᠡᠯᠲᠡ ᠶᠢᠨ ᠭᠠᠮᠰᠢᠭ ᠢ | ᠰᠡᠷᠭᠡᠶᠢᠯᠡᠬᠦ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠬᠤᠯᠪᠣᠭᠳᠠᠯ ᠪᠥᠬᠦᠶ ᠲᠣᠭᠲᠠᠭᠠᠯ ᠵᠢᠴᠢ ︽ | 2024 ᠣᠨ ᠤ ᠪᠥᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ︿9 · 18﹀ ᠤ ᠰᠡᠷᠡᠮᠵᠢ ᠶᠢᠨ | ᠳᠣᠬᠢᠶ᠎ᠠ ᠶᠢ ᠲᠤᠷᠰᠢᠨ ᠳᠤᠤᠭᠠᠷᠭᠠᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ ᠤᠨ ᠮᠡᠳᠡᠭᠳᠡᠯ︾ ︵ᠥᠪᠥᠷ | ᠮᠣᠩᠭᠤᠯ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ ᠦᠰᠦᠭ ︿2024﹀ | 8 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠥᠬᠡᠬᠤᠲᠠ ᠶᠢᠨ ᠬᠤᠲᠠ ᠲᠣᠭᠤᠷᠢᠭ ᠤᠨ | ᠬᠡᠪᠴᠢᠶᠡᠨ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ | ᠳᠤᠤᠭᠠᠷᠭᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠰᠡᠷᠡᠮᠵᠢ ᠶᠢᠨ ᠳᠣᠬᠢᠶ᠎ᠠ ᠲᠤᠷᠰᠢᠨ ᠳᠤᠤᠭᠠᠷᠭᠠᠬᠤ ᠴᠠᠭ | 2024 ᠣᠨ ᠤ 9 ᠳ᠋ᠤᠭᠡᠷ ᠰᠠᠷ᠎ᠠ ᠶᠢᠨ 18 ᠤ ᠡᠳᠦᠷ ︵ᠭᠠᠷᠠᠭ ᠤᠨ ᠭᠤᠷᠪᠠᠨ︶ ᠤᠨ 9 ᠴᠠᠭ 30 | ᠮᠢᠨᠦ᠋ᠲ ᠠᠴᠠ 10 ᠴᠠᠭ ᠪᠣᠯᠲᠠᠯ᠎ᠠ᠃ | ᠬᠤᠶᠠᠷ᠂ ᠰᠡᠷᠡᠮᠵᠢ ᠶᠢᠨ ᠳᠣᠬᠢᠶ᠎ᠠ ᠰᠢᠯᠭᠠᠬᠤ ᠬᠡᠪᠴᠢᠶ᠎ᠡ | ᠬᠥᠬᠡᠬᠤᠲᠠ ᠶᠢᠨ ᠲᠣᠭᠤᠷᠢᠭ ᠵᠢᠴᠢ ᠬᠠᠷᠢᠶ᠎ᠠ ᠪᠦᠬᠦᠢ ᠬᠤᠰᠢᠭᠤ ᠰᠢᠶᠠᠨ ᠤ ᠰᠠᠭᠤᠭ᠎ᠠ ᠭᠠᠵᠠᠷ᠃ | ᠭᠤᠷᠪᠠ᠂ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠳᠡᠰ ᠳᠠᠷᠠᠭᠠᠯᠠᠯ | 1. ᠤᠷᠢᠳᠴᠢᠯᠠᠨ ᠰᠡᠷᠡᠮᠵᠢᠯᠡᠭᠦᠯᠬᠦ ᠰᠡᠷᠡᠮᠵᠢ ᠶᠢᠨ ᠳᠣᠬᠢᠶ᠎ᠠ᠄ 36 ᠰᠧᠺᠦ᠋ᠨ᠋ᠳ᠋ ᠳᠤᠤᠭᠠᠷᠭᠠᠵᠤ᠂ 24 | ᠰᠧᠺᠦ᠋ᠨ᠋ᠳ᠋ ᠵᠣᠭᠰᠣᠭᠠᠵᠤ᠂ ᠳᠠᠬᠢᠨ ᠳᠠᠪᠲᠠᠨ ᠡᠭᠡᠯᠵᠢᠯᠡᠭᠦᠯᠦᠨ 180 ᠰᠧᠺᠦ᠋ᠨ᠋ᠳ᠋ ᠦᠷᠭᠦᠯᠵᠢᠯᠡᠭᠦᠯᠦᠨ᠎ᠡ᠃ | 2. ᠠᠭᠠᠷ ᠤᠨ ᠳᠠᠭᠠᠷᠢᠯᠲᠠ ᠶᠢᠨ ᠰᠡᠷᠡᠮᠵᠢ ᠶᠢᠨ ᠳᠣᠬᠢᠶ᠎ᠠ᠄ 6 ᠰᠧᠺᠦ᠋ᠨ᠋ᠳ᠋ ᠳᠤᠤᠭᠠᠷᠭᠠᠵᠤ᠂ 6 ᠰᠧᠺᠦ᠋ᠨ᠋ᠳ᠋ | ᠵᠣᠭᠰᠣᠭᠠᠵᠤ᠂ ᠳᠠᠬᠢᠨ ᠳᠠᠪᠲᠠᠨ ᠡᠭᠡᠯᠵᠢᠯᠡᠭᠦᠯᠦᠨ 180 ᠰᠧᠺᠦ᠋ᠨ᠋ᠳ᠋ ᠦᠷᠭᠦᠯᠵᠢᠯᠡᠭᠦᠯᠦᠨ᠎ᠡ᠃ | 3. ᠰᠡᠷᠡᠮᠵᠢ ᠶᠢᠨ ᠳᠣᠬᠢᠶ᠎ᠠ ᠶᠢ ᠲᠠᠶᠢᠯᠬᠤ᠄ ᠵᠠᠯᠭᠠᠭᠠᠪᠠᠷ 180 ᠰᠧᠺᠦ᠋ᠨ᠋ᠳ᠋ ᠳᠤᠤᠭᠠᠷᠭᠠᠨ᠎ᠠ᠃ | ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠬᠤᠭᠤᠴᠠᠭᠠᠨ ᠳᠤ᠂ ᠥᠷᠭᠡᠨ ᠣᠯᠠᠨ ᠬᠤᠲᠠ ᠶᠢᠨ | ᠠᠷᠠᠳ ᠪᠢᠲᠡᠭᠡᠢ ᠶᠠᠭᠠᠷᠠᠵᠤ᠂ ᠬᠡᠪ ᠤᠨ ᠠᠮᠢᠳᠤᠷᠠᠯ ᠪᠠ ᠠᠵᠢᠯ ᠤᠨ ᠡᠮᠬᠢ ᠳᠢᠭᠯᠢᠮ ᠢ ᠪᠠᠲᠤᠯᠠᠵᠤ᠂ ᠪᠦᠬᠦ | ᠬᠤᠲᠠ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ | ᠪᠠᠲᠤᠯᠠᠬᠤ ᠶᠢ ᠬᠦᠰᠡᠵᠦ ᠪᠤᠢ᠃ | ᠲᠤᠷᠰᠢᠨ ᠳᠤᠤᠭᠠᠷᠭᠠᠬᠤ ᠬᠤᠭᠤᠴᠠᠭᠠᠨ ᠳᠠᠬᠢ ᠬᠠᠯᠠᠮᠰᠢᠯ ᠤᠲᠠᠰᠤ᠄ 0471 — 3386200 | ᠣᠨᠴᠠᠭᠠᠶᠢᠯᠠᠨ ᠵᠠᠷᠯᠠᠨ ᠨᠡᠶᠢᠲᠡᠯᠡᠪᠡ᠃ | ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠠᠯᠪᠠᠨ ᠭᠡᠷ | 2024 ᠣᠨ ᠤ 9 ᠳ᠋ᠤᠭᠡᠷ ᠰᠠᠷ᠎ᠠ ᠶᠢᠨ 13 ᠤ ᠡᠳᠦᠷ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |