︽ᠬᠠᠯᠠᠭᠤᠨ ᠳᠤᠯᠠᠭᠠᠨ ᠤ ᠢᠨᠵᠧᠨᠧᠷᠢᠩ︾ ᠨᠢ ᠡᠨᠡ ᠵᠢᠯ ᠤᠨ ᠣᠷᠣᠨ ᠤ ᠲᠥᠪ ᠬᠤᠲᠠ ᠶᠢᠨ ᠠᠷᠠᠳ ᠤᠨ | ᠠᠮᠢᠳᠤᠷᠠᠯ ᠤᠨ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠤᠭᠰᠠᠨ ᠤ ᠬᠤᠪᠢ ᠳᠤ᠂ ᠬᠠᠷᠢᠶᠠᠲᠤ ᠣᠷᠣᠨ ᠤ | ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠬᠠᠷᠢᠶᠠᠲᠤ ᠣᠷᠣᠨ ᠤ | ᠪᠦᠬᠦᠯᠢ ᠴᠣᠭᠴᠠ ᠶᠢᠨ ᠳᠤᠯᠠᠭᠠᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠲᠦᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ | | | | | ᠡᠮᠦᠨᠡᠬᠢ ᠬᠤᠭᠤᠴᠠᠭᠠᠨ ᠳᠤ᠂ ᠨᠡᠶᠢᠭᠡᠮ ᠲᠣᠭᠤᠷᠢᠭ ᠪᠣᠯᠤᠨ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠤᠨ ᠠᠵᠢᠯᠲᠠᠳ ᠵᠢᠶᠠ ᠰᠢᠩ ᠬᠤᠷᠢᠶᠠᠯᠠᠯ ᠳᠤ ᠣᠯᠠᠨ ᠤᠳᠠᠭ᠎ᠠ ᠬᠦᠷᠴᠦ ᠠᠰᠠᠷ ᠤᠨ ᠢᠯᠴᠢ ᠬᠠᠩᠭᠠᠬᠤ | ᠲᠠᠯᠠᠪᠠᠶ᠂ ᠭᠠᠵᠠᠷ ᠳᠣᠤᠷᠠᠬᠢ ᠬᠤᠭᠤᠯᠠᠶ ᠶᠢᠨ ᠲᠣᠤᠷ ᠵᠡᠷᠭᠡ ᠪᠠᠶᠢᠳᠠᠯ ᠢ ᠬᠠᠶᠢᠨ ᠪᠠᠶᠢᠴᠠᠭᠠᠵᠤ᠂ ᠬᠤᠷᠢᠶᠠᠯᠠᠯ ᠤᠨ | ᠳᠣᠲᠣᠷᠠᠬᠢ ᠢᠯᠴᠢ ᠬᠠᠩᠭᠠᠬᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠡᠮᠬᠢᠯᠡᠨ ᠳᠢᠭᠯᠡᠵᠦ᠂ ᠨᠠᠷᠢᠨ ᠲᠣᠳᠣᠷᠬᠠᠶ | ᠲᠥᠰᠦᠯ ᠳᠤᠷᠠᠳᠴᠤ᠂ ᠰᠡᠭᠦᠯᠴᠢ ᠶᠢᠨ ᠬᠤᠭᠤᠴᠠᠭᠠᠨ ᠳᠤ ᠢᠯᠴᠢ ᠬᠠᠩᠭᠠᠬᠤ ᠬᠤᠭᠤᠯᠠᠶ ᠶᠢ ᠮᠠᠯᠲᠠᠬᠤ᠂ | ᠬᠤᠭᠤᠯᠠᠶ ᠶᠢᠨ ᠲᠣᠤᠷ ᠢ ᠰᠢᠨᠡᠳᠬᠡᠬᠦ ᠵᠡᠷᠭᠡ ᠠᠵᠢᠯ ᠳᠤ ᠰᠠᠭᠤᠷᠢ ᠲᠠᠯᠪᠢᠵᠤ ᠥᠭᠪᠡ᠃ | | | | | ᠵᠢᠶᠠ ᠰᠢᠩ ᠬᠤᠷᠢᠶᠠᠯᠠᠯ ᠤᠨ ︽ᠬᠠᠯᠠᠭᠤᠨ ᠳᠤᠯᠠᠭᠠᠨ ᠤ ᠢᠨᠵᠧᠨᠧᠷᠢᠩ︾ ᠤᠨ ᠥᠭᠡᠷᠡᠴᠢᠯᠡᠯᠲᠡ ᠶᠢᠨ | ᠠᠵᠢᠯ ᠢ 8 ᠳ᠋ᠤᠭᠠᠷ ᠰᠠᠷ᠎ᠠ ᠶᠢᠨ 20 ᠤ ᠡᠳᠦᠷ ᠪᠦᠬᠦ ᠲᠠᠯ᠎ᠠ ᠪᠠᠷ ᠡᠬᠢᠯᠡᠭᠦᠯᠵᠦ᠂ ᠪᠠᠷᠢᠯᠭ᠎ᠠ ᠶᠢᠨ ᠲᠤᠬᠠᠢ ᠶᠢᠨ | ᠲᠠᠯᠠᠪᠠᠢ ᠳᠤ ᠮᠠᠰᠢᠨ ᠮᠧᠬᠠᠨᠢᠭ ᠬᠦᠩᠭᠢᠨᠡᠵᠦ᠂ ᠲᠡᠷᠭᠡ ᠬᠥᠰᠬᠡ ᠰᠦᠯᠵᠢᠯᠳᠦᠵᠦ᠂ ᠠᠵᠢᠯᠴᠢᠳ ᠪᠦᠬᠦ | ᠬᠦᠴᠦᠨ ᠢᠶᠠᠷ ᠢᠶᠠᠨ ᠴᠢᠷᠮᠠᠶᠢᠵᠤ᠂ ᠴᠠᠭ ᠮᠥᠴᠡ ᠶᠢ ᠠᠯᠳᠠᠯ ᠦᠭᠡᠢ ᠲᠡᠮᠡᠴᠡᠵᠦ᠂ ᠬᠦᠷ ᠬᠥᠭᠵᠢᠶᠡᠨ ᠲᠠᠢ | ᠪᠠᠷᠢᠯᠭ᠎ᠠ ᠶᠢᠨ ᠠᠵᠢᠯ ᠤᠨ ᠪᠠᠶᠢᠳᠠᠯ ᠢ ᠬᠠᠷᠠᠭᠤᠯᠪᠠ᠃ 27 ᠤ ᠡᠳᠦᠷ ᠪᠣᠯᠲᠠᠯ᠎ᠠ᠂ ᠵᠢᠶᠠ ᠰᠢᠩ ᠬᠤᠷᠢᠶᠠᠯᠠᠯ ᠤᠨ | ᠳᠥᠷᠪᠡᠨ ᠭᠠᠵᠠᠷ ᠤᠨ ᠪᠠᠷᠢᠯᠭ᠎ᠠ ᠶᠢᠨ ᠲᠥᠯᠥᠪᠯᠡᠭᠡ ᠳᠠᠬᠢ ᠲᠠᠪᠤᠳᠤᠭᠠᠷ᠂ ᠳᠣᠯᠣᠳᠤᠭᠠᠷ ᠠᠰᠠᠷ ᠤᠨ ᠵᠡᠭᠦᠨ ᠲᠠᠯ᠎ᠠ | ᠵᠢᠴᠢ ᠭᠤᠷᠪᠠᠳᠤᠭᠠᠷ ᠠᠰᠠᠷ ᠤᠨ ᠳᠦᠷᠪᠡᠳᠦᠭᠡᠷ ᠤᠷᠤᠴᠠᠲᠤ ᠠᠰᠠᠷ ᠤᠨ ᠬᠤᠭᠤᠯᠠᠶ ᠶᠢ ᠨᠢᠭᠡᠨᠲᠡ ᠨᠡᠪᠲᠡᠷᠡᠭᠦᠯᠵᠦ᠂ | ᠣᠳᠣᠬᠠᠨ ᠳᠤ ᠶᠠᠭ ᠬᠠᠮᠤᠭ ᠰᠡᠭᠦᠯᠴᠢ ᠶᠢᠨ ᠨᠢᠭᠡ ᠪᠠᠷᠢᠯᠭ᠎ᠠ ᠶᠢᠨ ᠴᠡᠭ ᠲᠤ ᠠᠵᠢᠯ ᠥᠷᠨᠢᠭᠦᠯᠬᠦ ᠶᠢᠨ ᠬᠠᠮᠲᠤ ᠰᠡᠭᠦᠯ | ᠬᠤᠷᠢᠶᠠᠬᠤ ᠠᠵᠢᠯ ᠢ ᠬᠢᠵᠦ ᠪᠠᠶᠢᠨ᠎ᠠ᠃ | ᠵᠠᠯᠭᠠᠭᠠᠳ᠂ ᠨᠡᠶᠢᠭᠡᠮ ᠲᠣᠭᠤᠷᠢᠭ ᠤᠨ ᠬᠢᠨ ᠪᠠᠷᠢᠯᠭ᠎ᠠ ᠶᠢᠨ ᠠᠬᠢᠴᠠ ᠶᠢ ᠨᠢᠭᠲᠠ ᠠᠩᠬᠠᠷᠴᠤ᠂ ᠪᠠᠷᠢᠯᠭ᠎ᠠ ᠶᠢ | ᠴᠠᠭ ᠲᠤᠬᠠᠶ ᠳᠤᠨᠢ ᠳᠠᠭᠤᠰᠬᠠᠬᠤ ᠶᠢ ᠦᠨᠡᠨ ᠬᠦ ᠪᠠᠲᠤᠯᠠᠨ᠎ᠠ᠃ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ︽ᠬᠠᠯᠠᠭᠤᠨ ᠳᠤᠯᠠᠭᠠᠨ ᠤ ᠢᠨᠵᠧᠨᠧᠷᠢᠩ︾ ᠢ ᠰᠠᠭᠤᠭᠠᠯᠢ ᠠᠷᠠᠳ ᠤᠨ | ᠰᠡᠳᠬᠢᠯ ᠳᠤ ᠬᠦᠷᠭᠡᠬᠦ ᠪᠠᠷ ᠴᠢᠷᠮᠠᠶᠢᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |