ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/2
     ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠩᠨᠡᠯᠲᠡ ᠶᠢᠨ ᠡᠷᠦᠶ ᠬᠤᠷᠤᠶ ᠥᠬᠡᠶ ᠦᠵᠡᠭᠳᠡᠯ ᠢ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃
     ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠦᠳᠲᠡᠷ ᠲᠦᠷᠭᠡᠨ ᠪᠠᠶᠢᠭᠤᠯᠵᠤ᠂ ᠢᠦᠢ ᠴᠢᠤᠸᠠᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠪᠤᠯᠪᠠᠰᠤᠷᠠᠯ ᠤᠨ ᠬᠤᠷᠠᠯ ᠬᠤᠷᠠᠯᠳᠤᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ︽ᠡᠳᠦᠷ ᠲᠤ ᠬᠠᠮᠢᠶᠠᠷᠤᠨ ᠡᠵᠡᠮᠳᠡᠬᠦ᠂ ᠭᠠᠷᠠᠭ ᠲᠤ ᠵᠢᠭᠰᠠᠭᠠᠨ ᠪᠠᠶᠢᠴᠠᠭᠠᠬᠤ᠂ ᠰᠠᠷ᠎ᠠ ᠳᠤ ᠲᠣᠬᠢᠷᠠᠭᠤᠯᠬᠤ︾ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠳᠣᠭᠢᠷᠠᠭᠤᠯᠤᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠠᠷᠠᠭ᠎ᠠ ᠣᠷᠣᠭᠤᠯᠬᠤ ᠶᠢ ᠪᠠᠶᠢᠴᠠᠭᠠᠵᠤ ᠰᠢᠯᠭᠠᠨ ᠠᠪᠬᠤ ᠶᠢ ᠴᠢᠩᠳᠠᠯᠠᠵᠤ᠂ ᠬᠠᠤᠯᠢ ᠶᠣᠰᠣᠭᠠᠷ ᠵᠢᠷᠤᠮᠵᠢᠭᠤᠯᠤᠨ ᠡᠵᠡᠩᠨᠡᠬᠦ ᠶᠢ ᠦᠨᠡᠨᠬᠦ ᠪᠠᠲᠤᠯᠠᠪᠠ᠃ ᠣᠲᠣ ᠪᠣᠯᠲᠠᠯ᠎ᠠ᠂ ᠢᠦᠶ ᠴᠢᠤᠸᠠᠨ ᠲᠣᠭᠤᠷᠢᠭ ᠤᠨ ᠬᠠᠷᠢᠶ᠎ᠠ ᠣᠷᠣᠨ ᠳᠤ ᠨᠡᠶᠢᠲᠡ 68 ᠪᠣᠷᠣᠯᠠᠭᠤᠯᠬᠤ ᠠᠵᠤ ᠠᠬᠤᠶᠢᠯᠠᠯ ᠪᠠᠶᠢᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠥᠬᠡᠶ᠃ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠲᠤᠰᠬᠠᠶ ᠪᠠᠶᠢᠴᠠᠭᠠᠬᠤ ᠠᠵᠢᠯ ᠢ ᠥᠷᠨᠢᠭᠦᠯᠵᠦ᠂ 3 ᠮᠸᠢ ᠲᠤᠸᠠᠨ᠂ ᠧ ᠯᠧ ᠮᠧ ᠲᠣᠬᠢᠷᠠᠭᠤᠯᠤᠨ ᠬᠦᠷᠭᠡᠬᠦ ᠥᠷᠲᠡᠭᠡ ᠴᠡᠭ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠬᠠᠷᠢᠶᠠᠲᠤ ᠣᠷᠣᠨ ᠤ ᠳᠣᠲᠣᠷᠠᠬᠢ 4 ᠰᠤᠷᠭᠠᠭᠤᠯᠢ ᠶᠢᠨ ᠬᠦᠷᠢᠶᠡᠨ ᠤ ᠭᠠᠳᠠᠭᠰᠢ ᠬᠤᠳᠠᠯᠳᠤᠬᠤ ᠲᠠᠪᠴᠠᠩ ᠢ ᠭᠦᠨᠵᠡᠭᠡᠶ ᠤᠶᠢᠯᠠᠭᠠᠨ ᠵᠢᠭᠰᠠᠭᠠᠬᠤ ᠶᠢᠨ ᠬᠠᠮᠲᠤ ᠵᠢᠷᠤᠮᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠭᠠᠳᠠᠭᠰᠢ ᠬᠤᠳᠠᠯᠳᠤᠬᠤ ᠲᠠᠪᠴᠠᠩ ᠢ ᠵᠢᠯᠣᠭᠤᠳᠤᠨ ᠬᠠᠮᠢᠶ᠎ᠠ ᠪᠥᠬᠦᠶ ᠲᠦᠷᠢᠮ ᠢ ᠪᠠᠶᠢᠭᠤᠯᠵᠤ᠂ ᠠᠮᠤᠷ ᠲᠦᠪᠰᠢᠨ ᠤ ᠪᠣᠯᠪᠠᠰᠤᠷᠠᠯ ᠢ ᠴᠢᠩᠭᠠᠳᠬᠠᠪᠠ᠃
     ᠣᠳᠣᠬᠠᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ 1 ᠬᠡᠷᠡᠭ ᠢ ᠨᠢᠭᠡᠨᠲᠡ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃ ᠡᠭᠦᠨ ᠤ ᠬᠠᠮᠲᠤ᠂ ᠬᠠᠷᠢᠶ᠎ᠠ ᠣᠷᠣᠨ ᠤ 117 ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠬᠤᠷᠢᠶᠠᠯᠠᠯ ᠳᠤ ᠠᠰᠠᠷ ᠤᠨ ᠴᠠᠬᠢᠯᠭᠠᠨ ᠱᠠᠲᠤ AI ᠣᠶᠤᠨᠴᠢ ᠪᠠᠷ ᠢᠯᠭᠠᠨ ᠲᠠᠨᠢᠵᠤ ᠲᠤᠰᠠᠭᠠᠷᠯᠠᠬᠤ ᠰᠢᠰᠲ᠋ᠧᠮ ᠢ 3217 ᠤᠭᠰᠠᠷᠠᠵᠤ᠂ ᠤᠭᠰᠠᠷᠠᠵᠤ ᠳᠠᠭᠤᠰᠬᠠᠭᠰᠠᠨ ᠨᠣᠷᠮ᠎ᠠ ᠨᠢ 100% ᠳᠤ ᠬᠦᠷᠪᠡ᠃ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠭᠦᠢᠴᠡᠳ ᠠᠰᠢᠭᠯᠠᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ ᠪᠠ ᠬᠡᠷᠡᠭᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ ᠤᠬᠠᠭᠤᠯᠪᠠ᠃ ᠤᠷᠢᠳ ᠬᠤᠵᠢᠳ ᠨᠡᠶᠢᠲᠡ 100 ᠭᠠᠷᠤᠶ ᠬᠤᠪᠢ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠦᠢᠯᠡᠳᠪᠦᠷᠢᠯᠡᠨ ᠪᠣᠷᠣᠯᠠᠭᠤᠯᠬᠤ ᠵᠢᠴᠢ ᠰᠡᠯᠪᠢᠨ ᠵᠠᠰᠠᠬᠤ ᠨᠢᠭᠡᠴᠢ ᠶᠢᠨ ᠦᠢᠯᠡ ᠠᠵᠢᠯᠯᠠᠭ᠎ᠠ ᠬᠢᠬᠦ ᠶᠢ ᠴᠠᠭᠠᠵᠠᠯᠠᠬᠤ ᠲᠤᠬᠠᠶ ᠰᠠᠨᠠᠭᠤᠯᠤᠨ ᠰᠡᠷᠡᠮᠵᠢᠯᠡᠭᠦᠯᠬᠦ ᠪᠢᠴᠢᠭ︾ ᠵᠢᠴᠢ ︽ᠨᠢᠭᠡ ᠵᠢᠷᠤᠭ ᠢᠶᠠᠷ ᠠᠮᠤᠷ ᠲᠦᠪᠰᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠰᠣᠩᠭᠤᠨ ᠬᠤᠳᠠᠯᠳᠤᠨ ᠠᠪᠬᠤ ᠶᠢ ᠰᠤᠷᠬᠤ︾ ᠶᠢ ᠲᠠᠷᠬᠠᠭᠠᠵᠤ ᠨᠠᠭᠠᠪᠠ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠢᠴᠢ ᠬᠠᠭᠤᠷᠮᠠᠭ ᠲᠠᠸᠠᠷ ᠬᠤᠳᠠᠯᠳᠤᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠡᠯ᠎ᠡ ᠭᠤᠭᠴᠤᠭ᠎ᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠲᠣᠪᠤᠶᠢᠮ᠎ᠠ ᠲᠦᠭᠰᠢᠭᠦᠷᠢ ᠶᠢᠨ ᠳᠠᠯᠳᠠ ᠬᠡᠮ ᠢ ᠦᠨᠡᠨ ᠬᠦ ᠠᠷᠢᠯᠭᠠᠨ᠎ᠠ᠃           ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号