ᠢᠦᠢ ᠴᠢᠤᠸᠠᠨ ᠲᠣᠭᠤᠷᠢᠭ ᠵᠣᠵᠢᠭ ᠡᠪᠡᠳᠴᠢᠨ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/20
     ᠤᠶᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠯᠦᠩ ᠵᠢᠶᠠᠩ ᠨᠡᠶᠢᠭᠡᠮ ᠲᠣᠭᠤᠷᠢᠭ ᠭᠡᠷ ᠤᠨ ᠠᠬᠠᠮᠠᠳ ᠤᠨ ᠬᠠᠷᠢᠯᠴᠠᠨ ᠲᠤᠰᠠᠯᠠᠯᠴᠠᠬᠤ ᠬᠤᠷᠠᠯ ᠲᠠᠢ ᠬᠠᠮᠲᠤᠷᠠᠨ ᠵᠣᠵᠢᠭ ᠡᠪᠡᠳᠴᠢᠨ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠨᠢᠭᠡ ᠤᠳᠠᠭᠠᠨ ᠤ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ᠠᠵᠢᠯᠯᠠᠭ᠎ᠠ ᠨᠢ ᠠᠯᠢ ᠣᠯᠠᠨ ᠰᠣᠨᠢᠷᠬᠠᠯᠲᠠᠶ ᠲᠣᠭᠯᠠᠭᠠᠮ ᠢᠶᠠᠷ ᠭᠤᠤᠯ ᠰᠢᠵᠢᠮ ᠪᠣᠯᠭᠠᠵᠤ᠂ ᠬᠡᠤᠬᠡᠳ ᠢ ᠳᠤᠭᠤᠶᠢᠯᠠᠩ ᠬᠤᠪᠢᠶᠠᠨ ᠬᠡᠷ ᠦᠰᠦᠷᠬᠦ᠂ ᠭᠠᠷ ᠠᠯᠴᠢᠭᠤᠷ ᠬᠠᠶᠠᠬᠤ᠂ ᠮᠡᠳᠡᠯᠭᠡ ᠶᠢᠨ ᠤᠷᠤᠯᠳᠤᠭᠠᠨ᠂ ᠤᠢ ᠶᠢᠨ ᠲᠣᠭᠯᠠᠭᠠᠮ ᠵᠡᠷᠭᠡ ᠤᠷᠤᠯᠳᠤᠭᠠᠨ ᠬᠢᠵᠦ᠂ ᠤᠷᠤᠯᠳᠤᠭᠠᠨ ᠢᠶᠠᠷ ᠳᠠᠮᠵᠢᠭᠤᠯᠤᠨ ᠬᠡᠤᠬᠡᠳ ᠤᠨ ᠵᠣᠬᠢᠴᠠᠩᠭᠤᠶ ᠴᠢᠨᠠᠷ᠂ ᠬᠥᠳᠡᠯᠭᠡᠭᠡᠨ ᠤ ᠴᠢᠳᠠᠪᠤᠷᠢ ᠪᠠ ᠢᠯᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠡᠳᠡᠨ ᠳᠤ ᠲᠣᠭᠯᠠᠭᠠᠮ ᠤᠨ ᠳᠤᠮᠳᠠ ᠠᠴᠠ ᠪᠠᠶᠠᠷ ᠪᠠᠭ᠋ᠠᠳᠤᠯ ᠢ ᠬᠦᠷᠲᠡᠭᠡᠬᠦ ᠶᠢ ᠬᠦᠰᠡᠵᠦ ᠪᠠᠶᠢᠨ᠎ᠠ ᠭᠡᠪᠡ᠃ ᠠᠵᠢᠯᠯᠠᠭ᠎ᠠ ᠶᠢᠨ ᠲᠡᠭᠦᠰᠬᠡᠯ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠢᠴᠢᠬᠠᠨ ᠨᠠᠶᠢᠵᠠ ᠨᠠᠷ ᠲᠤ ᠨᠠᠷᠢᠨ ᠨᠢᠮᠪᠠᠢ ᠪᠡᠯᠡᠳᠬᠡᠭᠰᠡᠨ ᠲᠦᠷᠦᠭᠰᠡᠨ ᠡᠳᠦᠷ ᠤᠨ ᠪᠡᠯᠡᠭ ᠬᠦᠷᠭᠡᠵᠦ᠂ ᠪᠢᠴᠢᠬᠠᠨ ᠨᠠᠶᠢᠵᠠ ᠨᠠᠷ ᠲᠦᠷᠦᠭᠰᠡᠨ ᠡᠳᠦᠷ ᠤᠨ ᠳᠠᠭᠤᠤ ᠶᠢᠨ ᠳᠤᠮᠳᠠ ᠠᠴᠠ ᠢᠷᠡᠭᠡᠳᠦᠢ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠢᠯᠡᠷᠡᠭᠦᠯᠵᠡᠢ᠃
     ᠲᠣᠰ ᠤᠳᠠᠭᠠᠨ ᠤ ᠲᠥᠷᠥᠭᠰᠡᠨ ᠡᠳᠦᠷ ᠤᠨ ᠪᠠᠶᠠᠷ ᠨᠢ ᠵᠣᠵᠢᠭ ᠡᠪᠡᠳᠴᠢᠨ ᠲᠠᠢ ᠬᠡᠤᠬᠡᠳ ᠲᠤ ᠨᠢᠭᠡ ᠬᠤᠪᠢ ᠭᠠᠶᠢᠬᠠᠮᠰᠢᠭᠲᠤ ᠪᠠᠶᠠᠷ ᠨᠡᠮᠡᠷᠢᠯᠡᠭᠰᠡᠨ ᠢᠶᠠᠷ ᠪᠠᠷᠠᠬᠤ ᠥᠬᠡᠶ᠂ ᠪᠠᠰᠠ ᠲᠡᠳᠡᠨ ᠳᠤ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠪᠠᠶᠢᠭᠤᠯᠤᠨ ᠥᠭᠴᠦ᠂ ᠲᠡᠳᠡᠨ ᠤ ᠬᠠᠷᠢᠶᠠᠯᠠᠭᠳᠠᠬᠤ ᠰᠡᠳᠬᠢᠯᠭᠡ ᠪᠠ ᠢᠲᠡᠭᠡᠯ ᠵᠣᠷᠢᠭ ᠢ ᠨᠡᠮᠡᠭᠳᠡᠭᠦᠯᠦᠨ᠂ ᠲᠡᠳᠡᠨ ᠤ ᠣᠷᠭᠢᠯᠤᠮ᠎ᠠ ᠬᠠᠯᠠᠭᠤᠨ ᠰᠡᠳᠬᠢᠯᠭᠡ ᠪᠠ ᠡᠷᠡᠰ ᠪᠠᠲᠤ ᠠᠯᠬᠤᠭ᠎ᠠ ᠪᠠᠷ ᠨᠠᠩ ᠰᠠᠶᠢᠨ ᠰᠠᠶᠢᠬᠠᠨ ᠠᠮᠢᠳᠤᠷᠠᠯ ᠲᠠᠶᠢᠰᠢ ᠤᠷᠤᠭᠰᠢᠯᠠᠬᠤ ᠶᠢ ᠵᠣᠷᠢᠭᠵᠢᠭᠤᠯᠵᠠᠶ᠃      ᠳᠠᠷᠠᠭᠠᠴᠢ ᠶᠢᠨ ᠠᠯᠬᠤᠮ ᠳᠤ᠂ ᠯᠦᠩ ᠵᠢᠶᠠᠩ ᠨᠡᠶᠢᠭᠡᠮ ᠲᠣᠭᠤᠷᠢᠭ ᠬᠠᠷᠢᠶ᠎ᠠ ᠣᠷᠣᠨ ᠤ ᠪᠠᠨ ᠵᠣᠵᠢᠭ ᠡᠪᠡᠳᠴᠢᠨ ᠲᠠᠢ ᠬᠡᠦᠬᠡᠳ ᠢ ᠦᠷᠭᠦᠯᠵᠢᠯᠡᠨ ᠠᠩᠬᠠᠷᠴᠤ᠂ ᠬᠠᠶᠢᠷ᠎ᠠ ᠬᠠᠯᠠᠮᠵᠢ ᠪᠠᠷ ᠢᠶᠠᠨ ᠲᠡᠳᠡᠨ ᠤ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠡᠳᠡᠭᠡᠷ ᠬᠡᠦᠬᠡᠳ ᠲᠤ ᠨᠡᠩ ᠤᠯᠠᠨ ᠬᠠᠪᠰᠤᠷᠤᠯᠭ᠎ᠠ ᠳᠡᠮᠵᠢᠯᠭᠡ ᠬᠠᠩᠭᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号