ᠢᠦᠶ ᠴᠢᠤᠸᠠᠨ ᠲᠣᠭᠤᠷᠢᠭ ᠤᠨ 2024 ᠣᠨ ᠤ 1 — 7 ᠳ᠋ᠤᠭᠠᠷ ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠵᠠᠳᠠᠯᠤᠯᠲᠠ
ᠨᠡᠶᠢᠲᠡᠯᠡᠭᠰᠡᠨ ᠴᠠᠭ᠄
2024/9/25
     ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ      1 — 7 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠦ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 1.1% ᠪᠠᠷ ᠪᠠᠭᠤᠷᠠᠪᠠ᠂ ᠡᠭᠦᠨ ᠳᠤ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 26.3% ᠪᠠᠷ ᠨᠡᠮᠡᠭᠳᠡᠪᠡ︔ ᠴᠠᠬᠢᠯᠭᠠᠨ ᠤ ᠮᠠᠰᠢᠨ ᠪᠠ ᠪᠠᠭᠠᠵᠢ ᠬᠡᠷᠡᠭᠰᠡᠯ ᠤᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 17.4% ᠪᠠᠷ ᠨᠡᠮᠡᠭᠳᠡᠪᠡ︔ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠡᠮ ᠡᠮᠨᠡᠯᠭᠡ ᠶᠢᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 19.3% ᠪᠠᠷ ᠪᠠᠭᠤᠷᠠᠪᠠ︔ ᠨᠡᠬᠡᠮᠡᠯ ᠬᠤᠪᠴᠠᠰᠤ᠂ ᠬᠤᠪᠴᠠᠰᠤ ᠵᠠᠰᠠᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 43.6% ᠪᠠᠷ ᠨᠡᠮᠡᠭᠳᠡᠪᠡ︔ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ᠃      ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      1 — 7 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 31.1% ᠪᠠᠷ ᠨᠡᠮᠡᠭᠳᠡᠪᠡ᠃ 1 — 7 ᠳ᠋ᠤᠭᠠᠷ ᠰᠠᠷ᠎ᠠ ᠳᠤ᠂ ᠪᠠᠯᠠ ᠣᠷᠣᠭᠤᠯᠤᠯᠲᠠ ᠶᠢᠨ ᠬᠦᠷᠢᠶᠡᠨ ᠠᠴᠠ ᠦᠵᠡᠪᠡᠯ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 18.7% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 48.5% ᠪᠠᠷ ᠨᠡᠮᠡᠭᠳᠡᠪᠡ᠃ ᠪᠠᠯᠠ ᠣᠷᠣᠭᠤᠯᠤᠯᠲᠠ ᠶᠢᠨ ᠭᠤᠤᠯ ᠴᠣᠭᠴᠠ ᠠᠴᠠ ᠦᠵᠡᠪᠡᠯ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠪᠡ︔ ᠠᠷᠠᠳ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 78.6% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 9920.0% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.0% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 46.8% ᠪᠠᠷ ᠨᠡᠮᠡᠭᠳᠡᠪᠡ᠃      ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ      1 — 7 ᠳ᠋ᠤᠭᠠᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 79.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠡᠶ᠂ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 86.5% ᠪᠠᠷ ᠨᠡᠮᠡᠭᠳᠡᠪᠡ︔ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 94.0% ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10.4% ᠪᠠᠷ ᠨᠡᠮᠡᠭᠳᠡᠪᠡ᠃        ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号