ᠲᠦᠷᠦᠭᠦᠬᠡᠨ᠂ ᠢᠦᠢ ᠴᠢᠤᠸᠠᠨ ᠲᠣᠭᠤᠷᠢᠭ ᠤᠨ ᠡᠳᠦᠷ ᠤᠨ ᠬᠦᠴᠦᠨ ᠤ ᠠᠵᠢᠯᠴᠢᠨ ᠤ ᠵᠠᠬ᠎ᠠ | ᠳᠡᠯᠭᠡᠭᠦᠷ ᠤᠨ ᠨᠢᠳᠦᠨ ᠰᠢᠯ ᠤᠨ ᠬᠠᠷᠠᠭ᠎ᠠ ᠰᠢᠯᠭᠠᠭᠴᠢ ᠶᠢᠨ ᠪᠣᠯᠪᠠᠰᠤᠷᠠᠯ ᠤᠨ ᠬᠢᠴᠢᠶᠡᠯ ᠤᠨ ᠭᠡᠷ ᠲᠤ᠂ ᠡᠯᠪᠡᠭ | ᠪᠠᠶᠠᠯᠢᠭ ᠲᠤᠷᠰᠢᠯᠭ᠎ᠠ ᠲᠠᠢ ᠨᠢᠳᠦᠨ ᠰᠢᠯ ᠤᠨ ᠬᠠᠷᠠᠭ᠎ᠠ ᠰᠢᠯᠭᠠᠭᠴᠢ ᠶᠠᠭ ᠰᠤᠷᠤᠭᠴᠢᠳ ᠲᠤ ᠨᠢᠳᠦᠨ ᠰᠢᠯ ᠤᠨ | ᠬᠠᠷᠠᠭ᠎ᠠ ᠰᠢᠯᠭᠠᠬᠤ ᠣᠨᠣᠯ ᠤᠨ ᠮᠡᠳᠡᠯᠭᠡ ᠶᠢ ᠲᠠᠶᠢᠯᠪᠤᠷᠢᠯᠠᠵᠤ ᠪᠠᠶᠢᠪᠠ᠃ ᠪᠠᠭᠰᠢ ᠠᠮᠢᠳᠤᠯᠢᠭ ᠬᠡᠷᠡᠭ ᠤᠨ ᠵᠢᠱᠢᠶ᠎ᠡ | ᠪᠠ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠲᠠᠢ ᠤᠶᠠᠯᠳᠤᠭᠤᠯᠵᠤ᠂ ᠨᠠᠷᠢᠨ ᠪᠤᠳᠤᠯᠢᠶᠠᠨᠲᠠᠶ ᠲᠤᠰᠬᠠᠶ | ᠮᠡᠷᠭᠡᠵᠢᠯ ᠤᠨ ᠨᠡᠷ᠎ᠡ ᠲᠣᠮᠢᠶ᠎ᠠ ᠶᠢ ᠣᠶᠢᠯᠠᠭᠠᠮᠵᠢᠲᠠᠶ ᠪᠣᠯᠭᠠᠵᠤ᠂ ᠰᠤᠷᠤᠭᠴᠢᠳ ᠮᠠᠰᠢ ᠰᠤᠨᠢᠷᠬᠠᠯᠲᠠᠢ ᠰᠤᠨᠤᠰᠪᠠ᠃ | ᠪᠤᠯᠪᠠᠰᠤᠷᠠᠯ ᠤᠨ ᠥᠷᠥᠭᠡᠨ ᠳᠤ ᠲᠡᠷᠢᠭᠦᠨ ᠤ ᠬᠠᠷᠠᠭ᠎ᠠ ᠰᠢᠯᠭᠠᠬᠤ ᠲᠦᠬᠦᠭᠡᠷᠦᠮᠵᠢ ᠲᠤᠬᠢᠷᠠᠭᠤᠯᠵᠤ᠂ ᠠᠦ᠋ᠲ᠋ᠣ᠋ | ᠬᠠᠷᠠᠭ᠎ᠠ ᠰᠢᠯᠭᠠᠬᠤ ᠬᠡᠮᠵᠢᠭᠦᠷᠯᠢᠭ᠂ ᠶᠡᠷᠦᠩᠬᠡᠶᠢᠯᠡᠭᠰᠡᠨ ᠬᠠᠷᠠᠭ᠎ᠠ ᠰᠢᠯᠭᠠᠬᠤ ᠬᠡᠮᠵᠢᠭᠦᠷᠯᠢᠭ ᠵᠡᠷᠭᠡ ᠶᠢ ᠪᠠᠭᠲᠠᠭᠠᠵᠤ᠂ | ᠡᠲᠡᠭᠡᠷ ᠲᠥᠬᠦᠭᠡᠷᠦᠮᠵᠢ ᠨᠢ ᠰᠤᠷᠤᠭᠴᠢᠳ ᠲᠤ ᠦᠨᠡᠨ ᠪᠣᠳᠠᠲᠠᠶ ᠠᠵᠢᠯᠯᠠᠬᠤ ᠣᠷᠴᠢᠨ ᠨᠥᠬᠦᠴᠡᠯ ᠢ ᠬᠠᠩᠭᠠᠵᠤ᠂ | ᠲᠡᠳᠡᠨ ᠤ ᠦᠢᠯᠡᠳᠦᠯᠭᠡ ᠶᠢᠨ ᠳᠤᠮᠳᠠ ᠤᠷ᠎ᠠ ᠴᠢᠳᠠᠪᠤᠷᠢ ᠡᠵᠡᠮᠰᠢᠬᠦ ᠶᠢ ᠦᠨᠡᠨ ᠬᠦ ᠪᠠᠲᠤᠯᠠᠪᠠ᠃ | | | | | ᠣᠶᠢᠯᠠᠭᠠᠭᠰᠠᠨ ᠢᠶᠠᠷ᠂ ᠢᠦᠶ ᠴᠢᠤᠸᠠᠨ ᠲᠣᠭᠤᠷᠢᠭ ᠤᠨ ᠡᠳᠦᠷ ᠤᠨ ᠬᠦᠴᠦᠨ ᠤ ᠠᠵᠢᠯᠴᠢᠨ ᠤ ᠵᠠᠬ᠎ᠠ | ᠳᠡᠯᠭᠡᠭᠦᠷ ᠤᠨ ᠠᠵᠢᠯ ᠤᠯᠬᠤ ᠬᠡᠷᠡᠭᠴᠡᠭᠡ ᠪᠣᠯᠤᠨ ᠬᠥᠳᠡᠯᠮᠦᠷᠢ ᠬᠦᠴᠦᠨ ᠤ ᠠᠵᠢᠯ ᠤᠯᠬᠤ ᠬᠦᠰᠡᠯ ᠡᠷᠡᠮᠡᠯᠵᠡᠯ ᠢ | ᠦᠨᠳᠦᠰᠦᠯᠡᠨ᠂ ᠨᠢᠳᠦᠨ ᠰᠢᠯ ᠤᠨ ᠬᠠᠷᠠᠭ᠎ᠠ ᠰᠢᠯᠭᠠᠭᠴᠢ᠂ ᠨᠢᠳᠦᠨ ᠰᠢᠯ ᠤᠨ ᠲᠣᠬᠢᠷᠠᠭᠤᠯᠤᠯᠲᠠ ᠬᠢᠬᠦ ᠠᠵᠢᠯᠴᠢᠨ᠂ | ᠴᠠᠬᠢᠯᠭᠠᠨ ᠤ ᠠᠵᠢᠯᠴᠢᠨ᠂ ᠭᠠᠩᠨᠠᠭᠴᠢ᠂ ᠬᠡᠷ ᠤᠨ ᠶᠠᠪᠤᠳᠠᠯ ᠵᠡᠷᠭᠡ ︽ᠵᠠᠬᠢᠶᠠᠯᠠᠭ᠎ᠠ ᠶᠢᠨ ᠮᠠᠶ᠋ᠢᠭ︾ ᠤᠨ ᠠᠵᠢᠯ | ᠤᠯᠬᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠨᠠᠷᠢᠯᠢᠭ ᠣᠨᠣᠴᠠᠲᠠᠶ ᠪᠠᠷ ᠥᠷᠨᠢᠭᠦᠯᠵᠦ᠂ ᠣᠯᠠᠨ | ᠲᠦᠮᠡᠨ ᠢ ᠤᠷ᠎ᠠ ᠴᠢᠳᠠᠪᠤᠷᠢ ᠶᠢᠨ ᠪᠣᠯᠪᠠᠰᠤᠷᠠᠯ ᠳᠤᠮᠳᠠ ᠴᠠᠬᠢᠯᠭᠠᠨ ᠴᠡᠨᠡᠭᠯᠡᠭᠦᠯᠵᠦ᠂ ᠠᠵᠢᠯ ᠣᠯᠵᠤ ᠠᠳᠠᠯ ᠦᠢᠯᠡᠰ | ᠴᠣᠭᠴᠠᠯᠠᠬᠤ ᠴᠢᠳᠠᠪᠤᠷᠢ ᠶᠢ ᠨᠡᠮᠡᠭᠳᠡᠭᠦᠯᠪᠡ᠃ | | | | | ᠢᠦᠢ ᠴᠢᠤᠸᠠᠨ ᠲᠣᠭᠤᠷᠢᠭ ᠤᠨ ᠡᠳᠦᠷ ᠤᠨ ᠬᠦᠴᠦᠨ ᠤ ᠠᠵᠢᠯᠴᠢᠨ ᠤ ᠵᠠᠬ᠎ᠠ ᠳᠡᠯᠭᠡᠭᠦᠷ ᠨᠢ ᠡᠳᠦᠷ ᠤᠨ | ᠬᠦᠴᠦᠨ ᠤ ᠠᠵᠢᠯᠴᠢᠨ ᠤ ᠠᠵᠢᠯ ᠣᠯᠭᠤᠯᠲᠠ ᠶᠢᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠠᠮᠢᠳᠤᠯᠢᠭ | ᠪᠥᠭᠡᠳ ᠲᠣᠭᠲᠠᠭᠤᠨ ᠠᠵᠢᠯ ᠣᠯᠭᠤᠯᠲᠠ ᠶᠢᠨ ᠪᠠᠶᠢᠷᠢᠰᠢᠯ ᠢ ᠪᠠᠶᠢᠭᠤᠯᠤᠨ᠂ 2017 ᠣᠨ ᠠᠴᠠ ᠣᠳᠣ ᠪᠣᠯᠲᠠᠯ᠎ᠠ᠂ | ᠨᠡᠶᠢᠲᠡ 35 ᠲᠦᠮᠡᠨ ᠬᠥᠮᠦᠨ ᠤᠳᠠᠭ᠎ᠠ ᠡᠳᠦᠷ ᠤᠨ ᠬᠦᠴᠦᠨ ᠤ ᠠᠵᠢᠯᠴᠢᠨ ᠳᠤ ᠦᠢᠯᠡᠴᠢᠯᠡᠵᠦ᠂ ᠡᠯ᠎ᠡ | ᠲᠥᠷᠥᠯ ᠤᠨ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ 3.5 ᠲᠦᠮᠡ ᠭᠠᠷᠤᠢ ᠵᠤᠷᠪᠤᠰ᠂ 9.4 ᠲᠦᠮᠡ ᠭᠠᠷᠤᠢ | ᠠᠵᠢᠯ ᠤᠨ ᠪᠠᠶᠢᠷᠢ ᠶᠢ ᠨᠡᠶᠢᠲᠡᠯᠡᠵᠦ᠂ 2.4 ᠲᠦᠮᠡᠨ ᠡᠳᠦᠷ ᠤᠨ ᠬᠦᠴᠦᠨ ᠤ ᠠᠵᠢᠯᠴᠢᠨ ᠳᠤ ᠠᠵᠢᠯ ᠣᠯᠭᠤᠭᠰᠠᠨ | ᠪᠠᠶᠢᠨ᠎ᠠ᠃ ᠠᠵᠢᠯ ᠣᠯᠭᠤᠯᠲᠠ ᠶᠢᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢ 226 ᠬᠤᠭᠤᠴᠠᠭ᠎ᠠ ᠡᠷᠭᠢᠯᠡᠵᠦ᠂ | ᠨᠡᠶᠢᠲᠡ 1.9 ᠲᠦᠮᠡ ᠭᠠᠷᠤᠶ ᠬᠥᠮᠦᠨ ᠤᠳᠠᠭ᠎ᠠ ᠪᠤᠯᠪᠠᠰᠤᠷᠠᠯ ᠳᠤ ᠤᠷᠤᠯᠴᠠᠵᠠᠢ᠃ | | | | | ᠬᠡᠷᠪᠡ ᠲᠠ ᠢᠦᠢ ᠴᠢᠤᠸᠠᠨ ᠲᠣᠭᠤᠷᠢᠭ ᠤᠨ ᠡᠳᠦᠷ ᠤᠨ ᠬᠦᠴᠦᠨ ᠤ ᠠᠵᠢᠯᠴᠢᠨ ᠤ ᠵᠠᠬ᠎ᠠ ᠳᠡᠯᠭᠡᠭᠦᠷ ᠤᠨ | ᠦᠢᠯᠡᠴᠢᠯᠡᠭᠡᠨ ᠤ ᠴᠢᠳᠠᠮᠵᠢ᠂ ᠨᠡᠭᠡᠭᠡᠯᠲᠡᠲᠦ ᠴᠠᠭ ᠪᠤᠶᠤ ᠬᠡᠷᠬᠢᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ | ᠬᠢᠴᠢᠶᠡᠯ ᠳᠤ ᠣᠷᠣᠯᠴᠠᠬᠤ ᠰᠣᠨᠢᠷᠬᠠᠯ ᠲᠠᠢ ᠪᠣᠯ ᠲᠠ ᠳᠣᠣᠷᠠᠬᠢ ᠠᠷᠭ᠎ᠠ ᠮᠠᠶ᠋ᠢᠭ ᠢᠶᠠᠷ ᠳᠠᠮᠵᠢᠨ ᠬᠠᠮᠤᠭ ᠤᠨ ᠰᠢᠨ᠎ᠡ | ᠮᠡᠳᠡᠭᠡ ᠵᠠᠩᠭᠢ ᠣᠯᠬᠤ ᠶᠢ ᠪᠠᠶᠠᠷᠯᠠᠨ ᠤᠭᠲᠤᠶ᠎ᠠ᠄ | ᠠᠯᠪᠠᠨ ᠤ ᠲᠠᠯ᠎ᠠ ᠶᠢᠨ ᠸᠢᠴᠠᠲ ᠤᠨ ᠨᠡᠶᠢᠲᠡ ᠶᠢᠨ ᠨᠣᠮᠧᠷ᠄ ᠬᠥᠬᠡᠬᠤᠲᠠ ᠶᠢᠨ ᠢᠦᠶ ᠴᠢᠤᠸᠠᠨ | ᠲᠣᠭᠤᠷᠢᠭ ᠤᠨ ᠡᠳᠦᠷ ᠤᠨ ᠬᠦᠴᠦᠨ ᠤ ᠠᠵᠢᠯᠴᠢᠨ ᠤ ᠵᠠᠬ᠎ᠠ ᠳᠡᠯᠭᠡᠭᠦᠷ | ᠬᠠᠷᠢᠯᠴᠠᠬᠤ ᠤᠲᠠᠰᠤ᠄ 0471 — 3456668 | ᠠᠳᠡ ᠪᠠᠰᠠ ᠠᠵᠢᠯᠲᠠᠨ ᠡᠯᠰᠡᠬᠦ ᠮᠡᠳᠡᠭᠡ ᠵᠠᠩᠭᠢ ᠨᠡᠶᠢᠲᠡᠯᠡᠬᠦ᠂ ᠠᠵᠢᠯ ᠡᠷᠢᠬᠦ ᠶᠢ ᠵᠣᠯᠭᠠᠭᠤᠯᠬᠤ᠂ | ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠪᠠ ᠡᠷᠬᠡ ᠠᠰᠢᠭ ᠤᠨ ᠪᠠᠲᠤᠯᠠᠭ᠎ᠠ ᠵᠡᠷᠭᠡ ᠦᠢᠯᠡᠴᠢᠯᠡᠭᠡ ᠬᠠᠩᠭᠠᠵᠤ᠂ | ᠬᠥᠳᠡᠯᠮᠦᠷᠢᠴᠢᠳ ᠤᠨ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠬᠤ ᠶᠢ ᠠᠬᠢᠭᠤᠯᠤᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |