9 ᠳ᠋ᠤᠭᠡᠷ ᠰᠠᠷ᠎ᠠ ᠶᠢᠨ 26 ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠤᠳᠬ᠎ᠠ | ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ | ᠲᠠᠯᠪᠢᠭᠰᠠᠨ ᠠᠷᠪᠠᠨ ᠵᠢᠯ ᠤᠨ ᠣᠢ ᠶᠢ ᠳᠤᠷᠠᠰᠬᠠᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠠᠵᠢᠯᠲᠠᠨ | ᠠᠵᠢᠯᠴᠢᠨ ᠣᠯᠠᠨ ᠲᠦᠮᠡᠨ ᠤ ᠨᠠᠶᠢᠷᠠᠯ ᠳᠠᠭᠤᠤ ᠶᠢᠨ ᠠᠵᠢᠯᠯᠠᠭ᠎ᠠ ᠶᠢᠨ ᠰᠢᠢᠳᠪᠦᠷᠢᠲᠦ ᠤᠷᠤᠯᠳᠤᠭᠠᠨ ᠦᠪᠡᠳᠡᠭᠰᠢ | ᠶᠡᠭᠡ ᠪᠠᠷ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠦᠢ | ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠢᠦᠢ ᠴᠢᠤᠸᠠᠨ ᠲᠣᠭᠤᠷᠢᠭ ᠤᠨ | ᠠᠵᠢᠯᠴᠢᠨ ᠤ ᠶᠡᠷᠦᠩᠬᠡᠢ ᠡᠪᠯᠡᠯ᠂ ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠠᠴᠠ ᠬᠠᠮᠲᠤᠷᠠᠨ ᠡᠷᠬᠢᠯᠡᠪᠡ᠃ | | | | | ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠢᠦᠶ ᠴᠢᠤᠸᠠᠨ ᠲᠣᠭᠤᠷᠢᠭ ᠤᠨ ᠡᠯ᠎ᠡ ᠬᠤᠯᠪᠣᠭᠳᠠᠯ | ᠪᠥᠬᠦᠶ ᠨᠢᠭᠡᠴᠢ᠂ ᠪᠠᠯᠭᠠᠰᠤ ᠵᠡᠭᠡᠯᠢ ᠭᠤᠳᠤᠮᠵᠢ ᠶᠢᠨ ᠺᠠᠳ᠋ᠷ ᠣᠯᠠᠨ ᠲᠦᠮᠡᠨ ᠢᠳᠡᠪᠬᠢᠲᠡᠶ ᠴᠤᠤᠷᠢᠶᠠᠲᠤᠨ ᠳᠠᠭᠠᠵᠤ᠂ | 33 ᠨᠠᠶᠢᠷᠠᠯ ᠳᠠᠭᠤᠤ ᠶᠢᠨ ᠠᠩᠭᠢ᠂ 1850 ᠬᠥᠮᠦᠨ ᠬᠠᠯᠠᠭᠤᠨ ᠢᠶᠠᠷ ᠣᠷᠣᠯᠴᠠᠪᠠ᠃ ᠪᠡᠯᠡᠳᠬᠡᠯ ᠤᠷᠤᠯᠳᠤᠭᠠᠨ ᠤ | ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ 16 ᠠᠩᠭᠢ ᠴᠣᠯᠭᠤᠷᠠᠨ ᠭᠠᠷᠴᠤ᠂ ᠰᠢᠢᠳᠪᠦᠷᠢᠲᠦ ᠤᠷᠤᠯᠳᠤᠭᠠᠨ ᠤ | ᠬᠢᠷᠢ ᠬᠡᠮ ᠢ ᠣᠯᠪᠠ᠃ | | | | | ᠰᠢᠢᠳᠪᠦᠷᠢᠲᠦ ᠤᠷᠤᠯᠳᠤᠭᠠᠨ ᠤ ᠠᠬᠤᠢ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ | ᠤᠷᠤᠯᠳᠤᠭᠠᠨ ᠨᠢ ᠰᠦᠷ ᠳᠠᠯᠠᠶᠢᠴᠠᠲᠠᠢ ᠳᠠᠭᠤᠤ ︽ᠳ᠋ᠠ ᠳ᠋ᠦ᠋ ᠡᠾᠧ ᠭᠤᠤᠯ ᠢ ᠭᠠᠲᠤᠯᠠᠭᠰᠠᠨ ᠨᠢ︾ ᠳᠤᠮᠳᠠ | ᠬᠥᠰᠢᠭᠡ ᠪᠠᠨ ᠰᠡᠬᠦᠵᠦ᠂ ︽ᠨᠡᠷᠡᠨ ᠭᠡᠷᠡᠯᠲᠦ ᠵᠠᠮ ᠳᠡᠭᠡᠷ᠎ᠡ︾᠂ ︽ᠰᠢᠨ᠎ᠡ ᠴᠠᠭ ᠦᠶ᠎ᠡ ᠳᠤ ᠠᠯᠬᠤᠨ ᠤᠷᠤᠶ᠎ᠠ︾᠂ | ︽ᠡᠬᠡ ᠤᠯᠤᠰ ᠢᠶᠠᠨ ᠵᠦᠩᠨᠡᠶ᠎ᠡ︾᠂ ︽ᠲᠦᠷᠦ ᠭᠦᠷᠦᠨ︾ ᠵᠡᠷᠭᠡ ᠲᠠᠨᠢᠯ ᠲᠠᠰᠤᠯ ᠬᠤᠪᠢᠰᠬᠠᠯᠲᠤ ᠳᠠᠭᠤᠤ ᠨᠢ | ᠬᠠᠶᠠ ᠬᠠᠩᠭᠢᠨᠠᠮ᠎ᠠ ᠪᠥᠭᠡᠳ ᠤᠶᠠᠨ ᠬᠠᠳᠠᠨ ᠪᠠᠶᠢᠵᠤ᠂ ᠪᠠᠶᠢᠨ ᠪᠠᠶᠢᠨ ᠤᠷᠮᠠᠰᠢᠨ ᠬᠦᠭᠡᠷᠴᠦ ᠤᠷᠭᠢᠯᠤᠮ᠎ᠠ ᠪᠠᠶᠢᠯ᠎ᠠ᠃ | ᠤᠷᠤᠯᠴᠠᠭᠰᠠᠳ ᠤᠯᠤᠰ ᠣᠷᠣᠨ ᠢᠶᠠᠨ ᠬᠠᠶᠢᠷᠠᠯᠠᠬᠤ ᠪᠠ ᠬᠦᠰᠡᠯᠡᠩ ᠢᠲᠡᠭᠡᠯ ᠪᠢᠰᠢᠷᠡᠯ ᠤᠨ ᠬᠥᠭᠡᠭᠡᠴᠡᠯᠳᠦᠯ ᠢ | ᠳᠠᠭᠤᠨ ᠳᠤ ᠠᠭᠤᠰᠤᠯᠴᠠᠭᠤᠯᠵᠤ᠂ ᠪᠦᠬᠦ ᠲᠤᠭᠤᠷᠢᠭ ᠤᠨ ᠠᠷᠠᠳ ᠲᠦᠮᠡᠨ ᠤ ᠡᠬᠡ ᠤᠯᠤᠰ ᠢᠶᠠᠨ ᠬᠠᠶᠢᠷᠠᠯᠠᠬᠤ᠂ | ᠨᠤᠲᠤᠭ ᠤᠰᠤ ᠪᠠᠨ ᠪᠦᠳᠦᠭᠡᠨ ᠪᠠᠶᠢᠭᠤᠯᠬᠤ ᠴᠣ ᠰᠢᠨ᠎ᠡ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠢᠦᠢ | ᠴᠢᠤᠸᠠᠨ ᠲᠣᠭᠤᠷᠢᠭ ᠤᠨ ᠡᠷᠡᠯᠬᠡᠭᠯᠡᠨ ᠲᠡᠮᠡᠴᠡᠵᠦ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ | ᠳᠦᠷᠰᠦ ᠪᠠᠶᠢᠳᠠᠯ ᠢ ᠢᠯᠡᠷᠡᠭᠦᠯᠪᠡ᠃ | | | | | ᠬᠠᠮᠤᠭ ᠰᠡᠭᠦᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠢᠦᠢ ᠴᠢᠤᠸᠠᠨ | ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠢᠦᠢ ᠴᠢᠤᠸᠠᠨ ᠲᠣᠭᠤᠷᠢᠭ ᠤᠨ ᠤᠳᠬ᠎ᠠ ᠤᠷᠠᠯᠢᠭ ᠤᠨ | ᠬᠢᠨ ᠤ ᠬᠤᠯᠪᠣᠭᠠᠲᠤ ᠬᠤᠷᠠᠯ᠂ ᠢᠦᠢ ᠴᠢᠤᠸᠠᠨ ᠲᠣᠭᠤᠷᠢᠭ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ᠂ ᠢᠦᠢ ᠴᠢᠤᠸᠠᠨ ᠲᠣᠭᠤᠷᠢᠭ ᠤᠨ ᠬᠠᠮ ᠵᠠᠭᠤᠴᠢᠯᠠᠭᠤᠷ ᠤᠨ | ᠲᠥᠪ ᠤᠨ ᠬᠠᠮᠲᠤᠷᠠᠭᠰᠠᠨ ᠠᠩᠭᠢ ︽ᠬᠦᠰᠡᠯ ᠡᠷᠡᠮᠡᠯᠵᠡᠯ︾ ᠪᠠ ︽ᠬᠤᠷᠢᠨ ᠵᠢᠯ ᠤᠨ ᠳᠠᠷᠠᠭ᠎ᠠ ᠳᠠᠬᠢᠨ | ᠠᠭᠤᠯᠵᠠᠯᠲᠠ︾ ᠶᠢ ᠠᠪᠴᠢᠷᠠᠵᠤ᠂ ᠠᠵᠢᠯᠯᠠᠭ᠎ᠠ ᠲᠡᠭᠦᠰ ᠠᠮᠵᠢᠯᠲᠠ ᠲᠠᠢ ᠦᠨᠳᠦᠷᠯᠡᠵᠡᠢ᠃ | | | | | ᠲᠣᠰ ᠤᠳᠠᠭᠠᠨ ᠤ ᠨᠠᠶᠢᠷᠠᠯ ᠳᠠᠭᠤᠤ ᠶᠢᠨ ᠠᠵᠢᠯᠯᠠᠭ᠎ᠠ ᠨᠢ ᠢᠦᠶ ᠴᠢᠤᠸᠠᠨ ᠲᠣᠭᠤᠷᠢᠭ ᠤᠨ ᠠᠵᠢᠯᠲᠠᠨ | ᠠᠵᠢᠯᠴᠢᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠢᠭᠲᠠᠷᠠᠯ ᠤᠨ | ᠬᠦᠴᠦᠨ ᠢ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠭᠤᠤᠯ ᠬᠥᠭ ᠠᠶᠠᠰ ᠢ ᠴᠤᠤᠷᠢᠶᠠᠲᠤᠭᠤᠯᠵᠤ᠂ ᠢᠦᠶ | ᠴᠢᠤᠸᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢ | ᠨᠢᠭᠲᠠᠷᠠᠭᠤᠯᠵᠤ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠴᠠᠭ | ᠦᠶ᠎ᠡ ᠶᠢᠨ ᠬᠥᠭ ᠠᠶᠠᠰ ᠢ ᠢᠦᠢ ᠴᠢᠤᠸᠠᠨ ᠲᠤᠭᠤᠷᠢᠭ ᠲᠤ ᠣᠷᠳᠣ ᠬᠤᠭᠤᠴᠠᠭ᠎ᠠ ᠪᠠᠷ ᠴᠤᠤᠷᠢᠶᠠᠲᠤᠭᠤᠯᠪᠠ᠃ | ᠤᠯᠤᠰ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠤᠯᠠᠨ ᠢᠶᠠᠷ ᠢᠶᠠᠨ ᠠᠭᠤᠤ ᠶᠡᠭᠡ ᠡᠬᠡ | ᠤᠯᠤᠰ ᠤᠨ ᠴᠡᠴᠡᠭᠯᠡᠨ ᠬᠥᠭᠵᠢᠵᠦ᠂ ᠨᠤᠲᠤᠭ ᠤᠰᠤ ᠤᠯᠠᠮ ᠠᠴᠠ ᠤᠯᠠᠮ ᠦᠵᠡᠰᠬᠦᠯᠡᠩᠲᠦ ᠰᠠᠶᠢᠬᠠᠨ ᠪᠣᠯᠵᠤ᠂ | ᠠᠷᠠᠳ ᠤᠨ ᠠᠮᠢᠳᠤᠷᠠᠯ ᠵᠣᠯ ᠵᠢᠷᠭᠠᠯ ᠲᠠᠢ ᠪᠣᠯᠬᠤ ᠶᠢ ᠬᠠᠮᠲᠤ ᠪᠠᠷ ᠬᠦᠰᠡᠨ ᠵᠥᠩᠨᠡᠪᠡ᠃ ᠬᠤᠪᠢᠰᠬᠠᠯᠲᠤ ᠳᠠᠭᠤᠤ | ᠬᠠᠩᠭᠢᠨᠠᠲᠠᠯ᠎ᠠ ᠴᠤᠤᠷᠢᠶᠠᠳᠠᠵᠤ᠂ ᠤᠯᠤᠰ ᠢᠶᠠᠨ ᠬᠠᠶᠢᠷᠠᠯᠠᠬᠤ ᠰᠡᠳᠬᠢᠯ ᠢ ᠪᠠᠲᠤ ᠴᠡᠭᠡᠵᠢᠯᠡᠵᠦ᠂ ᠬᠥᠮᠦᠰ ᠢ | ᠤᠷᠮᠠᠰᠢᠭᠤᠯᠤᠨ ᠵᠣᠷᠢᠭᠵᠢᠭᠤᠯᠤᠮ᠎ᠠ ᠨᠠᠶᠢᠷᠠᠯ ᠳᠠᠭᠤᠤ ᠶᠢᠨ ᠦᠪᠡᠳᠡᠭᠰᠢ ᠨᠠᠶᠢᠷ ᠨᠢ ᠬᠥᠮᠦᠨ ᠨᠢᠭᠡᠪᠦᠷᠢ ᠶᠢ | ᠨᠥᠯᠥᠭᠡᠯᠡᠪᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |