ᠢᠦᠢ ᠴᠢᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ 2024 ᠣᠨ ᠤ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ︾ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/9/29
     ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠷᠮ᠎ᠠ ᠪᠠᠬ᠎ᠠ ᠶᠢ ᠬᠦᠭᠵᠢᠭᠡᠵᠦ᠂ ᠰᠢᠨᠵᠢᠯᠡᠬᠦ ᠤᠬᠠᠭᠠᠨ ᠤ ᠮᠡᠳᠡᠯᠭᠡ ᠶᠢ ᠬᠥᠮᠦᠰ ᠤᠨ ᠰᠡᠳᠬᠢᠯ ᠳᠤ  ᠬᠠᠳᠠᠩᠰᠢᠭᠤᠯᠬᠤ ᠶᠢᠨ ᠲᠦᠯᠦᠭᠡ᠂ 9 ᠳ᠋ᠤᠭᠡᠷ ᠰᠠᠷ᠎ᠠ ᠶᠢᠨ 24 ᠤ ᠡᠳᠦᠷ᠂ ᠢᠦᠢ ᠴᠢᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠢᠦᠢ ᠴᠢᠤᠸᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠡᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠮᠲᠤᠷᠠᠨ ᠡᠷᠬᠢᠯᠡᠵᠦ᠂ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠨᠡᠶᠢᠭᠡᠮᠯᠢᠭ ᠤᠨ ᠳᠠᠭᠠᠭᠠᠨ ᠡᠷᠬᠢᠯᠡᠭᠰᠡᠨ ︽2024 ᠣᠨ ᠤ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠬᠤᠪᠢᠶᠠᠷᠢ ᠲᠠᠯᠠᠪᠠᠢ ᠶᠢᠨ ᠠᠵᠢᠯᠯᠠᠭ᠎ᠠ — ᠪᠦᠬᠦ ᠠᠷᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠬᠦᠴᠦ ᠪᠠᠨ ᠬᠠᠮᠲᠤᠳᠬᠠᠵᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ︾ ᠠᠵᠢᠯᠯᠠᠭ᠎ᠠ ᠬᠥᠬᠡᠬᠤᠲᠠ ᠶᠢᠨ ᠵᠣᠣ ᠵᠢᠶᠦ᠋ᠨ ᠵᠠᠮ ᠤᠨ ᠬᠦᠬᠡ ᠬᠤᠲᠠ ᠴᠡᠴᠡᠷᠯᠢᠭ ᠲᠤ ᠶᠠᠪᠤᠭᠳᠠᠵᠠᠢ᠃
     ᠠᠵᠢᠯᠯᠠᠭ᠎ᠠ ᠶᠢᠨ ᠠᠭᠤᠯᠭ᠎ᠠ ᠨᠢ ᠣᠯᠠᠨ ᠶᠠᠩᠵᠤ ᠶᠢᠨ ᠪᠠᠶᠢᠵᠤ᠂ ᠬᠥᠲᠥᠯᠥᠭᠴᠢ ᠬᠠᠯᠠᠭᠤᠮᠰᠤᠭ ᠢᠶᠠᠷ ᠡᠬᠢᠯᠡᠵᠦ᠂ ᠲᠤᠬᠠᠢ ᠶᠢᠨ ᠲᠠᠯᠠᠪᠤᠷ ᠲᠤ ᠢᠷᠡᠭᠰᠡᠨ ᠤᠳᠤᠷᠢᠳᠤᠯᠭ᠎ᠠ ᠪᠣᠯᠤᠨ ᠬᠠᠮᠲᠤ ᠰᠤᠷᠤᠭᠴᠢᠳ ᠢ ᠪᠠᠶᠠᠷᠯᠠᠨ ᠤᠭᠲᠤᠵᠤ ᠪᠠᠶᠢᠬᠤ ᠪᠥᠭᠡᠳ ᠠᠵᠢᠯᠯᠠᠭ᠎ᠠ ᠶᠢᠨ ᠭᠤᠣᠯ ᠰᠡᠳᠦᠪ᠂ ᠶᠠᠪᠤᠴᠠ ᠵᠢᠴᠢ ᠠᠴᠢ ᠬᠤᠯᠪᠣᠭᠳᠠᠯ ᠢ ᠲᠣᠪᠴᠢ ᠲᠠᠨᠢᠯᠴᠠᠭᠤᠯᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠵᠤᠭᠠᠴᠠᠯ ᠤᠨ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠲᠣᠭᠤᠷᠢᠭ ᠢ ᠲᠤᠬᠢᠷᠠᠭᠤᠯᠪᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠤᠲᠠ ᠶᠢᠨ ᠴᠤᠭᠯᠠᠭ᠎ᠠ ᠳᠡᠭᠡᠷ᠎ᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠪᠲᠡᠷ ᠢ ᠲᠡᠷᠢ ᠲᠡᠭᠰᠢ ᠲᠠᠯᠪᠢᠵᠤ᠂ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠴᠢᠬᠤᠯᠠ ᠴᠢᠨᠠᠷ᠂ ᠦᠷᠭᠦᠯᠵᠢ ᠲᠣᠬᠢᠶᠠᠯᠳᠤᠳᠠᠭ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠵᠢᠴᠢ ᠬᠠᠮᠠᠭᠠᠯᠠᠬᠤ ᠠᠷᠭ᠎ᠠ ᠶᠢ ᠣᠯᠠᠨ ᠳᠤ ᠤᠬᠠᠭᠤᠯᠪᠠ᠃ ᠲᠣᠭᠯᠠᠭᠠᠮ ᠤᠨ ᠲᠤᠭᠤᠷᠢᠭ ᠲᠤ ᠬᠦᠴᠦ ᠪᠠᠨ ᠬᠠᠮᠲᠤᠳᠬᠠᠨ ᠰᠤᠪᠤᠷᠭ᠎ᠠ ᠪᠠᠶᠢᠭᠤᠯᠬᠤ ᠲᠤᠭᠯᠠᠭᠠᠮ ᠬᠢᠵᠦ᠂ ᠣᠷᠣᠯᠴᠠᠭᠴᠢ ᠳᠤᠭᠤᠶᠢᠯᠠᠩ ᠬᠤᠪᠢᠶᠠᠨ ᠬᠠᠮᠵᠢᠯᠴᠠᠵᠤ᠂ ᠳᠡᠭᠡᠰᠦ ᠶᠢ ᠠᠰᠢᠭᠯᠠᠨ ᠥᠨᠳᠥᠷ ᠰᠤᠪᠤᠷᠭ᠎ᠠ ᠶᠢ ᠪᠠᠶᠢᠭᠤᠯᠵᠤ᠂ ᠶᠠᠪᠤᠴᠠ ᠶᠢᠨ ᠳᠤᠮᠳᠠ ᠬᠦᠴᠦᠨ ᠤᠬᠠᠭᠠᠨ ᠤ ᠲᠡᠩᠴᠡᠭᠦᠷᠢ ᠶᠢᠨ ᠦᠨᠳᠦᠰᠦᠯᠡᠯ ᠪᠣᠯᠤᠨ ᠭᠤᠣᠯᠳᠠᠯᠭ᠎ᠠ ᠲᠠᠢ ᠤᠬᠠᠭᠳᠠᠬᠤᠨ ᠢ ᠣᠶᠢᠯᠠᠭᠠᠪᠠ᠃
     ᠡᠭᠦᠨ ᠠᠴᠠ ᠭᠠᠳᠠᠨ᠎ᠠ᠂ ᠪᠠᠰᠠ ᠠᠵᠤ ᠠᠬᠤᠶᠢᠯᠠᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠦᠯᠭᠡ ᠪᠠ ᠲᠠᠷᠢᠶᠠᠯᠠᠩ ᠤᠨ ᠣᠨᠴᠠ ᠰᠢᠯᠢᠳᠡᠭ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ ᠪᠠᠶᠢᠨ᠎ᠠ᠃ ᠬᠡᠦᠬᠡᠳ ᠲᠤ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠲᠠᠷᠢᠶᠠᠯᠠᠩ ᠤᠨ ᠰᠢᠨ᠎ᠡ ᠰᠡᠪᠡᠭᠦᠨ ᠣᠶᠢᠯᠠᠭᠠᠯᠲᠠ ᠶᠢ ᠠᠪᠴᠢᠷᠠᠵᠤ᠂ ᠬᠠᠷᠠᠭ᠎ᠠ ᠪᠠᠨ ᠥᠷᠭᠡᠳᠬᠡᠬᠦ ᠶᠢᠨ ᠬᠠᠮᠲᠤ ᠰᠢᠨ᠎ᠡ ᠶᠢ ᠡᠭᠦᠳᠬᠦ ᠰᠡᠳᠬᠢᠬᠦᠶ ᠶᠢ ᠰᠡᠩᠬᠡᠷᠡᠭᠦᠯᠪᠡ᠃
     ᠲᠣᠰ ᠤᠳᠠᠭᠠᠨ ᠤ ᠠᠵᠢᠯᠯᠠᠭ᠎ᠠ ᠨᠢ ᠣᠯᠠᠨ ᠶᠠᠩᠵᠤ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠲᠤ ᠰᠢᠨᠵᠢᠯᠡᠬᠦ ᠤᠬᠠᠭᠠᠨ ᠤ ᠮᠡᠳᠡᠯᠭᠡ ᠶᠢ ᠰᠤᠷᠤᠯᠴᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠮᠡᠳᠡᠷᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠤᠨ ᠲᠥᠯᠥᠭᠡᠯᠡᠭᠴᠢ ᠶᠢᠨ ᠣᠷᠣᠯᠴᠠᠭᠰᠠᠨ ᠨᠢ ᠠᠵᠢᠯᠯᠠᠭ᠎ᠠ ᠶᠢᠨ ᠠᠭᠤᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃ ᠵᠠᠯᠭᠠᠭᠠᠳ᠂ ᠡᠶᠢᠮᠦᠷᠬᠦᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠢᠳᠡᠪᠬᠢᠲᠡᠶ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号