ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠦᠷᠭᠦᠯᠵᠢᠯᠡᠨ ᠠᠬᠢᠭᠤᠯᠵᠤ᠂ ᠤᠨᠢᠨ ᠳᠡᠭᠡᠷ᠎ᠡ ᠨᠢ ᠬᠦᠴᠦᠯᠡᠵᠦ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/9/3
     ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠬᠤ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠦᠷᠭᠦᠯᠵᠢᠯᠡᠨ ᠠᠬᠢᠭᠤᠯᠵᠤ᠂ ᠣᠨᠢᠨ ᠳᠡᠭᠡᠷ᠎ᠡ ᠨᠢ ᠬᠦᠴᠦᠯᠡᠵᠦ᠂ ᠬᠦᠴᠦᠨ ᠢᠶᠠᠨ ᠲᠥᠪᠯᠡᠷᠡᠭᠦᠯᠦᠨ ᠬᠤᠲᠠ ᠬᠥᠳᠡᠭᠡ ᠶᠢᠨ ᠠᠭᠤᠯᠵᠠᠷ ᠬᠡᠰᠡᠭ᠂ ᠲᠣᠰᠬᠤᠨ ᠪᠠᠯᠭᠠᠰᠤ ᠵᠢᠴᠢ ᠵᠠᠮ ᠳᠠᠭᠠᠤ ᠶᠢᠨ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠪᠡ᠃
     ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠨᠢ ︽︿2024 ᠣᠨ ᠤ ᠢᠦᠶ ᠴᠢᠤᠸᠠᠨ ᠲᠣᠭᠤᠷᠢᠭ ᠤᠨ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠬᠦ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠢᠦᠶ ᠴᠢᠤᠸᠠᠨ ᠵᠠᠰᠠᠭ ᠠᠯᠪᠠᠨ ᠲᠠᠷᠬᠠᠭᠠᠭᠰᠠᠨ ﹇2024﹈ 81 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠥᠮᠦᠨ᠂ ᠲᠡᠷᠭᠡ ᠬᠥᠰᠬᠡ ᠶᠢ ᠢᠳᠡᠪᠬᠢᠲᠡᠶ ᠳᠣᠭᠢᠷᠠᠭᠤᠯᠵᠤ᠂ ᠬᠥᠮᠦᠨ ᠪᠠ ᠮᠠᠰᠢᠨ ᠢ ᠤᠶᠠᠯᠳᠤᠭᠤᠯᠤᠭᠰᠠᠨ ᠠᠵᠢᠯ ᠤᠨ ᠵᠠᠭᠪᠤᠷ ᠢ ᠠᠪᠴᠤ᠂ ᠠᠶᠢᠯ ᠲᠣᠰᠬᠤᠨ ᠤ ᠵᠡᠭᠡᠯᠢ ᠭᠤᠳᠤᠮᠵᠢ᠂ ᠬᠡᠷ ᠪᠠᠶᠢᠰᠢᠩ ᠤᠨ ᠠᠷᠤ ᠥᠪᠥᠷ᠂ ᠲᠠᠷᠢᠶᠠᠨ ᠭᠠᠵᠠᠷ᠂ ᠭᠤᠤ ᠰᠤᠪᠠᠭ ᠪᠠ ᠠᠶᠢᠯ ᠲᠣᠰᠬᠤᠨ ᠤ ᠵᠠᠬ᠎ᠠ ᠬᠢᠵᠠᠭᠠᠷ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠬᠤᠲᠠ ᠠᠴᠠ ᠭᠠᠷᠬᠤ ᠠᠮᠠᠰᠠᠷ᠂ 209 ᠤᠯᠤᠰ ᠤᠨ ᠵᠠᠮ᠂ 103 ᠮᠤᠵᠢ ᠶᠢᠨ ᠵᠠᠮ ᠤᠨ ᠲᠣᠭᠤᠷᠢᠨ ᠳᠤ᠂ ︽ᠪᠠᠭᠤᠷᠠᠶ ᠭᠤᠭᠴᠤᠭ᠎ᠠ︾᠂ ︽ᠦᠯᠦ ᠤᠨᠤᠭᠳᠠᠬᠤ ᠭᠠᠵᠠᠷ︾ ᠲᠤ ᠠᠩᠬᠠᠷᠤᠯ ᠢᠶᠠᠨ ᠲᠥᠪᠯᠡᠷᠡᠭᠦᠯᠵᠦ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ᠂ ᠬᠤᠭᠤᠰᠤᠨ ᠭᠠᠵᠠᠷ ᠲᠤ ᠴᠤᠭᠯᠠᠷᠠᠭᠰᠠᠨ ᠬᠤᠭ ᠨᠤᠪᠰᠢ᠂ ᠵᠡᠭᠡᠯᠢ ᠭᠤᠳᠤᠮᠵᠢ ᠵᠢᠴᠢ ᠵᠠᠮ ᠤᠨ ᠬᠤᠶᠠᠷ ᠬᠠᠵᠠᠭᠤ ᠶᠢᠨ ᠵᠥᠭᠡᠯᠡᠨ ᠪᠣᠭᠤᠳᠠᠯ ᠪᠠᠭᠯᠠᠭ᠎ᠠ᠂ ᠪᠤᠵᠠᠷ ᠡᠪᠡᠰᠦ᠂ ᠬᠤᠭ ᠨᠣᠪᠰᠢ ᠲᠤᠭᠤᠰᠤ ᠰᠢᠷᠤᠢ ᠵᠡᠷᠭᠡ ᠶᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠨᠢᠭᠡ ᠲᠠᠯ᠎ᠠ ᠶᠢ ᠰᠠᠶᠢᠵᠢᠷᠠᠭᠤᠯᠤᠨ ᠴᠡᠭᠴᠡᠯᠡᠵᠦ᠂ ᠨᠢᠭᠡ ᠭᠠᠵᠠᠷ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠨᠢᠭᠡ ᠬᠡᠰᠡᠭ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠬᠢᠵᠢᠭᠦᠯᠵᠦ᠂ ᠴᠡᠪᠡᠷ ᠲᠡᠭᠰᠢ᠂ ᠲᠠᠭᠠᠯᠠᠮᠵᠢᠲᠠᠶ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 100 ᠭᠠᠷᠤᠶ ᠬᠥᠮᠦᠨ ᠤᠳᠠᠭ᠎ᠠ᠂ ᠡᠯ᠎ᠡ ᠲᠥᠷᠥᠯ ᠤᠨ ᠠᠵᠢᠯᠯᠠᠬᠤ ᠲᠡᠷᠭᠡ ᠶᠢ 70 ᠭᠠᠷᠤᠶ ᠤᠳᠠᠭ᠎ᠠ ᠬᠥᠳᠡᠯᠭᠡᠵᠦ᠂ ᠡᠯ᠎ᠡ ᠲᠥᠷᠥᠯ ᠤᠨ ᠬᠤᠭ ᠨᠣᠪᠰᠢ ᠶᠢ 160 ᠭᠠᠵᠠᠷ ᠤᠨ 22 ᠲᠤᠨ ᠢ ᠴᠡᠪᠡᠷᠯᠡᠵᠡᠶ᠃
     ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠨᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ︽ᠨᠢᠭᠤᠷ ᠲᠠᠯ᠎ᠠ︾ ᠲᠠᠢ ᠨᠢᠭᠲᠠ ᠬᠤᠯᠪᠣᠭ᠎ᠠ ᠲᠠᠢ ᠮᠥᠷᠲᠡᠭᠡᠨ ᠪᠠᠰᠠ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ︽ᠳᠣᠲᠣᠷ ᠲᠠᠯ᠎ᠠ︾ ᠲᠠᠢ ᠨᠢᠭᠲᠠ ᠬᠤᠯᠪᠣᠭ᠎ᠠ ᠲᠠᠢ ᠶᠤᠮ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠬᠢᠨ ᠲᠥᠪᠯᠡᠷᠡᠭᠦᠯᠦᠨ ᠴᠡᠪᠡᠷᠯᠡᠬᠦ ᠬᠡᠪᠴᠢᠶ᠎ᠡ ᠪᠠᠨ ᠥᠷᠭᠡᠳᠬᠡᠵᠦ᠂ ᠬᠤᠳᠠ ᠬᠥᠳᠡᠭᠡ ᠶᠢᠨ ᠠᠭᠤᠯᠵᠠᠷ ᠬᠡᠰᠡᠭ᠂ ᠲᠣᠰᠬᠤᠨ ᠪᠠᠯᠭᠠᠰᠤ ᠵᠢᠴᠢ ᠵᠠᠮ ᠳᠠᠭᠠᠤ ᠶᠢᠨ ᠠᠷᠢᠭᠤᠨ ᠴᠡᠪᠡᠷ ᠤᠨ ᠦᠯᠦ ᠣᠨᠣᠭᠳᠠᠬᠤ ᠭᠠᠵᠠᠷ ᠢ ᠦᠷᠭᠦᠯᠵᠢᠯᠡᠨ ᠪᠠᠶᠢᠴᠠᠭᠠᠨ ᠴᠡᠪᠡᠷᠯᠡᠵᠦ᠂ ᠬᠤᠭ ᠨᠣᠪᠰᠢ ᠶᠢ ᠴᠡᠪᠡᠷᠯᠡᠬᠦ ᠠᠯᠬᠤᠴᠠ ᠶᠢ ᠲᠦᠷᠭᠡᠳᠬᠡᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠤᠬᠴᠠᠵᠢᠭᠤᠯᠬᠤ ᠠᠵᠢᠯ ᠤᠨ ᠰᠠᠭᠤᠷᠢ ᠶᠢ ᠪᠠᠬᠢᠵᠢᠭᠦᠯᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号