ᠢᠦᠢ ᠴᠢᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠡᠭᠡ ᠲᠦᠷᠭᠡᠨ ᠭᠤᠣᠯ ᠳᠠᠭᠠᠤ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2024/9/4
     ᠮᠠᠨ ᠤ ᠲᠤᠭᠤᠷᠢᠭ ᠤᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠤᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠤᠮᠠᠷᠠᠲᠤ ᠬᠢᠯᠢ ᠶᠢᠨ ᠰᠣᠶᠣᠯ  ᠰᠤᠶᠤᠯ ᠢ ᠳᠡᠭᠡᠳᠦᠯᠡᠬᠦ ᠢᠦᠢ ᠴᠢᠤᠸᠠᠨ︾ ᠨᠠᠷᠠᠲᠤ ᠲᠦᠷᠦᠯ ᠲᠡᠮᠳᠡᠭᠲᠦ ᠶᠢ ᠪᠣᠶ ᠪᠤᠯᠭᠠᠬᠤ ᠶᠢᠨ ᠲᠦᠯᠦᠭᠡ᠂ 9 ᠳ᠋ᠤᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠡᠰᠡᠭ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠤᠬᠢᠶᠠᠨ ᠪᠠᠶᠢᠭᠤᠯᠵᠤ ᠮᠠᠨ ᠤ ᠲᠤᠭᠤᠷᠢᠭ ᠤᠨ ᠶᠡᠭᠡ ᠲᠦᠷᠭᠡᠨ ᠭᠤᠣᠯ ᠳᠠᠭᠠᠤ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠪᠠ᠃
     ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠲᠤᠤ ᠬᠤᠸᠠ ᠶᠤᠸᠠᠨ ᠵᠢᠢ ᠲᠦᠷᠦᠯ ᠵᠦᠢᠯ ᠵᠢᠴᠢ ᠶᠡᠭᠡ ᠲᠦᠷᠭᠡᠨ ᠭᠤᠣᠯ ᠳᠠᠭᠠᠤ ᠶᠢᠨ ᠲᠤᠤ ᠬᠤᠸᠠ ᠶᠠ ᠵᠢᠢ ᠲᠦᠷᠦᠯ ᠵᠦᠢᠯ᠂ ᠤᠢ ᠶᠢᠨ ᠬᠤᠷᠮᠣᠢ ᠶᠢᠨ ᠬᠡᠭᠡᠷ᠎ᠡ ᠪᠠᠭᠤᠳᠠᠯᠯᠠᠬᠤ ᠭᠠᠵᠠᠷ ᠵᠢᠴᠢ ᠡᠩᠭᠦᠷᠡᠢ ᠠᠮᠢᠲᠠᠨ ᠤ ᠬᠦᠷᠢᠶᠡᠯᠡᠩ᠂ ᠴᠢᠶᠠᠨ ᠳ᠋ᠣᠣ ᠬᠤ᠋ ᠨᠠᠭᠤᠷ ᠤᠨ ᠬᠥᠪᠡᠭᠡᠨ ᠳᠠᠬᠢ ᠠᠶᠢᠯ ᠪᠠᠭᠤᠴᠠ ᠶᠢᠨ ᠲᠦᠷᠦᠯ ᠵᠦᠢᠯ᠂ ᠴᠢᠩ ᠢᠦᠢ ᠯᠢᠨ ᠰᠢ ᠭᠡᠷᠲᠦ ᠲᠡᠷᠭᠡᠨ ᠬᠤᠸᠠᠷᠠᠨ ᠳᠤ ᠬᠦᠷᠴᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠶᠡᠭᠡ ᠲᠦᠷᠭᠡᠨ ᠭᠤᠣᠯ ᠳᠠᠭᠠᠤ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠰᠢᠨᠵᠢᠯᠡᠨ ᠪᠠᠶᠢᠴᠠᠭᠠᠬᠤ ᠳᠤᠭᠤᠶᠢᠯᠠᠩ ᠶᠡᠭᠡ ᠲᠦᠷᠭᠡᠨ ᠭᠤᠣᠯ ᠳᠠᠭᠠᠤ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠳᠤ ᠴᠢᠭᠯᠡᠭᠦᠯᠦᠨ ᠰᠠᠨᠠᠯ ᠢᠶᠠᠨ ᠭᠦᠨᠵᠡᠭᠡᠢ ᠰᠣᠯᠢᠯᠴᠠᠪᠠ᠃
     ᠰᠢᠨᠵᠢᠯᠡᠨ ᠪᠠᠶᠢᠴᠠᠭᠠᠬᠤ ᠶᠠᠪᠤᠴᠠ ᠳᠤ᠂ ᠲᠥᠯᠥᠭᠡᠯᠡᠭᠴᠢᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠳᠡᠪᠬᠢᠲᠡᠢ ᠤᠬᠠᠭᠠᠨ ᠪᠤᠳᠤᠯᠭ᠎ᠠ ᠭᠠᠷᠭᠠᠵᠤ᠂ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠨᠡᠩ ᠰᠠᠶᠢᠨ ᠬᠥᠭᠵᠢᠯᠲᠡ ᠶᠢ ᠠᠬᠢᠭᠤᠯᠬᠤ ᠠᠷᠭ᠎ᠠ ᠵᠠᠮ ᠢ ᠬᠠᠮᠲᠤᠪᠠᠷ ᠰᠦᠪᠡᠭᠴᠢᠯᠡᠪᠡ᠃ ᠣᠯᠠᠨ ᠢᠶᠠᠷ ᠢᠶᠠᠨ᠂ ᠶᠡᠭᠡ ᠲᠦᠷᠭᠡᠨ ᠭᠤᠣᠯ ᠳᠠᠭᠠᠤ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠲᠦᠷᠦᠯ ᠵᠦᠢᠯ ᠨᠢ ᠢᠦᠢ ᠴᠢᠤᠸᠠᠨ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠡᠳᠡᠭᠡᠷ ᠲᠦᠷᠦᠯ ᠵᠦᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃
     ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠨᠢᠭᠡ ᠳᠤ᠂ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠴᠢᠩᠭᠠᠳᠬᠠᠬᠤ ᠬᠡᠷᠡᠭᠲᠡᠶ᠃ ᠶᠡᠭᠡ ᠲᠦᠷᠭᠡᠨ ᠭᠤᠣᠯ ᠳᠠᠭᠠᠤ ᠶᠢᠨ ᠦᠷᠭᠦᠯᠵᠢᠯᠡᠨ ᠥᠭᠡᠷᠡᠴᠢᠯᠡᠨ ᠳᠡᠰ ᠳᠡᠪᠰᠢᠭᠦᠯᠵᠦ᠂ ᠶᠡᠭᠡ ᠲᠦᠷᠭᠡᠨ ᠭᠤᠣᠯ ᠳᠠᠭᠠᠤ ᠶᠢᠨ ᠪᠦᠬᠦᠯᠢ ᠴᠣᠭᠴᠠ ᠶᠢᠨ ᠭᠤᠸ᠎ᠠ ᠰᠠᠶᠢᠬᠠᠨ ᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ︔ ᠦᠵᠡᠮᠵᠢ ᠶᠢᠨ ᠣᠷᠣᠨ ᠤ ᠠᠮᠠᠷᠠᠵᠤ ᠰᠡᠯᠡᠭᠦᠴᠡᠬᠦ ᠣᠷᠣᠨ ᠵᠠᠶ ᠶᠢ ᠨᠢᠭᠡᠳᠦᠯᠲᠡᠶ ᠲᠥᠯᠥᠪᠵᠢᠭᠦᠯᠵᠦ᠂ ᠵᠠᠮ ᠳᠠᠭᠠᠤ ᠶᠢᠨ ᠵᠠᠮ ᠤᠨ ᠬᠠᠵᠠᠭᠤ ᠳᠠᠬᠢ ᠲᠡᠷᠭᠡ ᠵᠤᠭᠰᠤᠭᠠᠬᠤ ᠦᠵᠡᠮᠵᠢ ᠰᠤᠨᠢᠷᠬᠠᠬᠤ ᠲᠡᠷᠭᠡᠨ ᠤ ᠪᠠᠶᠢᠷᠢ ᠵᠡᠷᠭᠡ ᠶᠢ ᠨᠡᠮᠡᠵᠦ᠂ ᠵᠤᠭᠠᠴᠠᠭᠰᠠᠳ ᠤᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠲᠤᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠡᠵᠡᠩᠨᠡᠯᠲᠡ ᠶᠢᠨ ᠲᠠᠯ᠎ᠠ ᠳᠤ ᠬᠠᠮᠵᠢᠯᠴᠠᠨ ᠲᠥᠷᠥᠯ ᠵᠦᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠵᠠᠭᠤᠴᠢᠯᠠᠭᠤᠷ ᠵᠡᠷᠭᠡ ᠣᠯᠠᠨ ᠲᠠᠯ᠎ᠠ ᠶᠢᠨ ᠤᠬᠠᠭᠤᠯᠭ᠎ᠠ ᠶᠢ ᠠᠰᠢᠭᠯᠠᠨ᠂ ᠶᠡᠭᠡ ᠲᠦᠷᠭᠡᠨ ᠭᠤᠤᠯ ᠳᠠᠭᠠᠤ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠮᠡᠳᠡᠴᠡ ᠶᠢ ᠳᠡᠭᠡᠭᠰᠢᠯᠡᠭᠦᠯᠵᠦ᠂ ᠡᠯ᠎ᠡ ᠭᠠᠵᠠᠷ ᠤᠨ ᠵᠤᠭᠠᠴᠠᠭᠰᠠᠳ ᠢ ᠲᠠᠲᠠᠬᠤ ᠬᠡᠷᠡᠭᠲᠡᠢ᠃
           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号