ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠠᠮᠤᠷ ᠤᠨ ᠤᠯᠠᠷᠢᠯ ᠤᠨ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠢ ᠥᠷᠨᠢᠭᠦᠯᠵᠦ᠂ ᠠᠮᠤᠷ ᠲᠦᠪᠰᠢᠨ ︽ᠰᠤᠷᠭᠠᠭᠤᠯᠢ ᠡᠬᠢᠯᠡᠬᠦ ᠤᠯᠠᠷᠢᠯ︾ ᠤᠨ ᠠᠵᠢᠯᠯᠠᠭ᠎ᠠ ᠶᠢ ᠭᠡᠷᠡᠯᠲᠦᠭᠦᠯᠪᠡ
ᠨᠡᠶᠢᠲᠡᠯᠡᠭᠰᠡᠨ ᠴᠠᠭ᠄
2024/9/5
     ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠮᠡᠭᠴᠡ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠦᠨᠡᠨ ᠬᠦ ᠪᠠᠶᠢᠭᠤᠯᠵᠤ᠂ ᠥᠷᠭᠡᠨ ᠤᠯᠠᠨ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠣᠯᠤᠨ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 9 ᠳ᠋ᠤᠭᠡᠷ ᠰᠠᠷ᠎ᠠ ᠶᠢᠨ 2 ᠤᠨ ᠡᠳᠦᠷ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠱᠧᠩ ᠳ᠋ᠠ ᠹᠠᠩ ᠶᠤᠸᠠᠨ ᠰᠤᠷᠭᠠᠭᠤᠯᠢ ᠳᠤ ᠬᠦᠷᠴᠦ᠂ ᠴᠡᠷᠢᠭ ᠤᠨ ᠪᠣᠯᠪᠠᠰᠤᠷᠠᠯ ᠤᠨ ᠲᠣᠬᠢᠶᠠᠯ ᠢ ᠠᠰᠢᠭᠯᠠᠨ 500 ᠭᠠᠷᠤᠢ ᠰᠢᠨ᠎ᠡ ᠰᠤᠷᠤᠭᠴᠢᠳ ᠲᠤ ᠥᠪᠡᠷᠮᠢᠴᠡ ᠣᠨᠴᠠᠯᠢᠭ ᠲᠠᠢ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠢ ᠬᠦᠷᠭᠡᠪᠡ᠃
     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠭᠠᠯ ᠤᠨᠲᠠᠷᠠᠭᠠᠬᠤ ᠤᠬᠠᠭᠤᠯᠤᠭᠴᠢ ᠰᠤᠷᠭᠠᠭᠤᠯᠢ ᠶᠢᠨ ᠬᠦᠷᠢᠶᠡᠨ ᠤ ᠭᠠᠯ ᠤᠨ ᠠᠶᠤᠯ ᠤᠨ ᠠᠳᠡᠯ ᠤᠨ ᠬᠡᠷᠡᠭ ᠤᠨ ᠵᠢᠱᠢᠶ᠎ᠡ ᠶᠢ ᠶᠠᠷᠢᠬᠤ ᠪᠠᠷ ᠳᠠᠮᠵᠢᠭᠤᠯᠤᠨ᠂ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠳᠤ ᠭᠠᠯ ᠤᠨ ᠠᠶᠤᠯ ᠭᠠᠷᠤᠭᠰᠠᠨ ᠦᠶ᠎ᠡ ᠳᠤ᠂ ᠬᠡᠷᠬᠢᠨ ᠵᠥᠪ ᠣᠨᠣᠪᠴᠢᠲᠠᠶ ᠠᠮᠢ ᠵᠢᠭᠤᠲᠠᠬᠤ ᠲᠤᠬᠠᠶ ᠣᠶᠢᠯᠠᠭᠠᠭᠤᠯᠵᠤ᠂ ᠰᠤᠷᠭᠠᠭᠤᠯᠢ ᠶᠢᠨ ᠪᠠᠶᠢᠷᠢ᠂ ᠬᠢᠴᠢᠶᠡᠯ ᠤᠨ ᠭᠡᠷ᠂ ᠲᠤᠷᠰᠢᠯᠲᠠ ᠶᠢᠨ ᠲᠠᠰᠤᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠵᠠᠳᠠᠯᠵᠤ᠂ ᠭᠠᠯ ᠤᠨ ᠠᠶᠤᠯ ᠭᠠᠷᠤᠭᠰᠠᠨ ᠤ ᠳᠠᠷᠠᠭ᠎ᠠ ᠪᠠᠭᠰᠢ ᠰᠤᠷᠤᠭᠴᠢᠳ ᠤᠨ ᠡᠵᠡᠮᠰᠢᠪᠡᠰᠦ ᠵᠣᠬᠢᠬᠤ ︽ᠨᠢᠭᠡ ᠶᠢ ᠤᠶᠢᠯᠠᠭᠠᠵᠤ ᠭᠤᠷᠪᠠ ᠶᠢ ᠴᠢᠳᠠᠬᠤ︾ ᠭᠠᠯ ᠤᠨᠲᠠᠷᠠᠭᠠᠬᠤ ᠤᠷ᠎ᠠ ᠴᠢᠳᠠᠪᠤᠷᠢ ᠶᠢ ᠲᠠᠶᠢᠯᠪᠤᠷᠢᠯᠠᠵᠤ᠂ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠬᠦ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠠᠮᠢ ᠵᠢᠭᠤᠲᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
     ᠪᠣᠳᠠᠲᠤ ᠦᠷ᠎ᠡ ᠪᠦᠳᠦᠮᠵᠢᠳᠤ ᠴᠢᠨᠠᠷ ᠢ ᠴᠢᠩᠭᠠᠳᠬᠠᠬᠤ ᠶᠢᠨ ᠲᠥᠯᠥᠭᠡ᠂ ᠭᠠᠯ ᠤᠨᠲᠠᠷᠠᠭᠠᠬᠤ ᠤᠬᠠᠭᠤᠯᠤᠭᠴᠢ ᠪᠠᠰᠠ ᠰᠢᠨ᠎ᠡ ᠰᠤᠷᠤᠭᠴᠢᠳ ᠢ ᠳᠠᠭᠠᠭᠤᠯᠤᠨ ᠭᠠᠯ ᠤᠨᠲᠠᠷᠠᠭᠠᠬᠤ ᠲᠤᠰᠬᠠᠶ ᠲᠡᠷᠭᠡ ᠬᠥᠰᠬᠡ ᠶᠢᠨ ᠪᠠᠭᠠᠵᠢ ᠬᠡᠷᠡᠭᠰᠡᠯ ᠤᠨ ᠲᠣᠨᠣᠭᠯᠠᠯ ᠢ ᠲᠣᠭᠤᠷᠢᠨ ᠦᠵᠡᠵᠦ᠂ ᠲᠡᠷᠭᠡ ᠬᠥᠰᠬᠡ ᠶᠢᠨ ᠨᠡᠷᠡᠶᠢᠳᠦᠯ᠂ ᠴᠢᠳᠠᠮᠵᠢ᠂ ᠠᠵᠢᠯᠯᠠᠬᠤ ᠵᠦᠢᠯᠡᠰ ᠵᠢᠴᠢ ᠲᠡᠷᠭᠡᠨ ᠳᠣᠲᠣᠷᠠᠬᠢ ᠡᠯ᠎ᠡ ᠵᠦᠢᠯ ᠤᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠪᠣᠯᠤᠨ ᠡᠳᠡᠭᠡᠷ ᠪᠠᠭᠠᠵᠢ ᠬᠡᠷᠡᠭᠰᠡᠯ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠭᠦᠷᠭᠡ ᠶᠢᠨ ᠳᠤᠮᠳᠠᠬᠢ ᠬᠡᠷᠡᠭᠴᠡᠭᠡ ᠶᠢ ᠨᠠᠷᠢᠨ ᠲᠠᠶᠢᠯᠪᠤᠷᠢᠯᠠᠪᠠ᠃ ᠡᠭᠦᠨ ᠤ ᠬᠠᠮᠲᠤ᠂ ᠲᠤᠬᠠᠶ ᠶᠢᠨ ᠲᠠᠯᠠᠪᠠᠶ ᠳᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠲᠠᠶᠢᠯᠪᠤᠷᠢᠯᠠᠭᠰᠠᠨ ᠪᠥᠭᠡᠳ ᠭᠠᠯ ᠤᠨ ᠭᠠᠮᠰᠢᠭ ᠡᠭᠦᠰᠬᠦ ᠪᠠᠴᠢᠮ ᠪᠠᠶᠢᠳᠠᠯ ᠢ ᠠᠷᠭᠠᠴᠠᠭᠠᠬᠤ ᠳᠠᠭᠤᠷᠢᠶᠠᠮᠠᠯ ᠰᠣᠷᠢᠯᠲᠠ ᠬᠢᠵᠦ᠂ ᠬᠡᠦᠬᠡᠳ ᠤᠳ ᠠᠳᠠᠯᠢ ᠪᠤᠰᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠶᠢ ᠪᠡᠶᠡᠴᠢᠯᠡᠨ ᠣᠶᠢᠯᠠᠭᠠᠵᠤ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠯ᠎ᠠ᠃
     ᠲᠣᠰ ᠤᠳᠠᠭᠠᠨ ᠤ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠤᠨ ᠠᠵᠢᠯᠯᠠᠭ᠎ᠠ ᠶᠢ ᠥᠷᠨᠢᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠰᠤᠷᠤᠯᠴᠠᠬᠤ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠨᠢᠭᠡ ᠬᠡᠤᠬᠡᠳ ᠢ ᠬᠥᠮᠦᠵᠢᠭᠦᠯᠵᠦ᠂ ᠨᠢᠭᠡ ᠬᠡᠷ ᠪᠦᠯᠢ ᠶᠢ ᠳᠠᠶᠢᠴᠢᠯᠠᠵᠤ᠂ ᠪᠦᠬᠦ᠋ᠢᠯᠡ ᠨᠡᠶᠢᠭᠡᠮ ᠢ ᠨᠥᠯᠥᠭᠡᠯᠡᠬᠦ︾ ᠵᠣᠷᠢᠯᠭ᠎ᠠ ᠳᠤ ᠦᠨᠡᠨ ᠬᠦ ᠬᠦᠷᠴᠡᠶ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠡᠯᠪᠡᠭ ᠪᠠᠶᠠᠯᠢᠭ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠤᠬᠠᠭᠤᠯᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠴᠢᠨᠠᠭᠰᠢᠳᠠ ᠪᠠᠬᠢᠵᠢᠭᠦᠯᠵᠦ᠂ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠬᠢᠵᠢᠭᠦᠯᠦᠨ᠎ᠡ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号