ᠢᠦᠶ ᠴᠢᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/1/15
     1 ᠳ᠋ᠤᠭᠡᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ  ᠢᠦᠢ ᠴᠢᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠢᠯᠠᠯᠲᠠ ᠲᠠᠢ ᠪᠠᠷ ᠲᠡᠭᠦᠰᠪᠡ᠃
     ᠲᠡᠭᠦᠰᠬᠦ ᠶᠡᠭᠡ ᠬᠤᠷᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠢᠢ ᠹᠧᠩ ᠡᠷᠬᠢᠯᠡᠨ ᠶᠠᠷᠢᠶ᠎ᠠ ᠲᠠᠯᠪᠢᠵᠤ᠂ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠨᠠᠨ ᠨᠠᠨ᠂ ᠵᠠᠩ ᠵᠢᠢ ᠹᠧᠩ᠂ ᠵᠤᠤ ᠶᠢᠩ᠂ ᠷᠦᠩ ᠷᠦ᠋ ᠵᠢᠶᠠᠩ᠂ ᠴᠧᠨ ᠮᠧᠢ ᠯᠢᠩ᠂ ᠯᠢ ᠾᠧ ᠫᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠭᠰᠠᠳ ᠪᠠ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠲᠠᠪᠤᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠰᠤᠯᠠ ᠣᠷᠣᠯᠴᠠᠬᠤ ᠬᠥᠮᠦᠰ ᠲᠤᠰ ᠤᠳᠠᠭᠠᠨ ᠤ ᠬᠤᠷᠠᠯ ᠳᠤ ᠰᠤᠯᠠ ᠣᠷᠣᠯᠴᠠᠪᠠ᠃ ᠲᠡᠭᠦᠰᠬᠦ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 177 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 155 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠬᠤᠷᠠᠯ ᠠᠴᠠ ᠯᠢ ᠾᠧ ᠫᠢᠩ ᠢ ᠢᠦᠢ ᠴᠢᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠬᠠᠤᠯᠢ ᠶᠣᠰᠣᠭᠠᠷ ᠰᠣᠩᠭᠤᠵᠤ᠂ ᠸᠠᠩ ᠰᠢᠶᠤᠤ ᠫᠢᠩ᠂ ᠸᠠᠩ ᠽᠠᠢ ᠽᠠᠢ᠂ ᠱᠢ ᠴᠢᠶᠠᠩ ᠢ ᠢᠦᠢ ᠴᠢᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠵᠤ᠂ ᠯᠢᠦᠢ ᠮᠢᠩ ᠶᠠᠨ ᠢ ᠢᠦᠢ ᠴᠢᠤᠸᠠᠨ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠰᠣᠩᠭᠤᠪᠠ᠃
     ᠬᠤᠷᠠᠯ ᠠᠴᠠ ᠪᠢᠯᠧᠲ ᠥᠭᠴᠦ ᠢᠦᠢ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠠᠲᠤᠯᠠᠪᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ᠂ 2024 ᠣᠨ ᠤ ᠲᠥᠰᠦᠪ ᠢ ᠭᠦᠢᠴᠡᠳᠭᠡᠭᠰᠡᠨ ᠪᠠᠶᠢᠳᠠᠯ ᠪᠠ 2025 ᠣᠨ ᠤ ᠲᠥᠰᠦᠪ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ᠂ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠭᠡᠯ ᠵᠢᠴᠢ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠭᠡᠯ ᠶᠢᠨ ᠲᠤᠬᠠᠶ ᠢᠦᠶ ᠴᠢᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠨ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠰᠢᠢᠳᠪᠦᠷᠢ ᠶᠢ ᠪᠠᠲᠤᠯᠠᠪᠠ᠃      ᠬᠤᠷᠠᠯ ᠠᠴᠠ᠂ ᠡᠯ᠎ᠡ ᠲᠥᠯᠥᠭᠡᠯᠡᠭᠴᠢᠳ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ ᠪᠣᠯᠤᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠣᠪᠣᠷ ᠢᠶᠠᠷ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠡᠯ᠎ᠡ ᠵᠦᠢᠯ ᠤᠨ ᠢᠯᠡᠳᠬᠡᠯ ᠢ ᠨᠠᠷᠢᠨ ᠬᠢᠨᠠᠮᠠᠭᠠᠢ ᠬᠢᠨᠠᠨ ᠵᠥᠪᠯᠡᠵᠦ ᠶᠠᠷᠢᠯᠴᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠠᠰᠢ ᠤᠯᠠᠨ ᠠᠰᠢᠭᠲᠠᠢ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠦ᠂ ᠬᠦᠴᠦᠷᠬᠡᠭ ᠶᠡᠭᠡ ᠬᠥᠭᠵᠢᠯᠲᠡ ᠶᠢᠨ ᠬᠠᠮᠲᠤᠷᠠᠯ ᠬᠦᠴᠦᠨ ᠢ ᠪᠦᠷᠢᠯᠳᠦᠭᠦᠯᠪᠡ ᠭᠡᠵᠦ ᠦᠵᠡᠪᠡ᠃ ᠬᠤᠷᠠᠯ ᠪᠣᠯ ᠨᠢᠭᠡᠨ ᠤᠳᠠᠭᠠᠨ ᠤ ᠲᠤᠭ ᠢ ᠥᠨᠳᠥᠷ ᠮᠠᠨᠳᠤᠭᠤᠯᠤᠭᠰᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠴᠢ ᠵᠣᠷᠢᠭ ᠢᠶᠠᠨ ᠬᠥᠪᠴᠢᠯᠡᠭᠰᠡᠨ ᠶᠡᠭᠡ ᠬᠤᠷᠠᠯ ᠮᠥᠨ᠂ ᠨᠢᠭᠡᠨ ᠤᠳᠠᠭᠠᠨ ᠤ ᠠᠷᠠᠳᠴᠢᠯᠠᠯ ᠪᠦᠯᠬᠦᠮᠳᠡᠯ ᠲᠠᠢ᠂ ᠪᠣᠳᠠᠲᠠᠢ ᠶᠢ ᠡᠷᠬᠢᠮᠯᠡᠨ ᠡᠷᠡᠯᠬᠡᠭᠯᠡᠨ ᠤᠷᠤᠭᠰᠢᠯᠠᠭᠰᠠᠨ᠂ ᠰᠤᠷᠲᠠᠯ ᠴᠢᠬᠡᠴᠢ ᠣᠪᠣᠷ ᠲᠥᠪ ᠶᠡᠭᠡ ᠬᠤᠷᠠᠯ ᠮᠥᠨ᠂ ᠲᠥᠯᠥᠭᠡᠯᠡᠭᠴᠢᠳ ᠤᠨ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠭᠰᠠᠨ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ ᠭᠠᠷᠮᠠᠭᠠᠢ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃      ᠬᠤᠷᠠᠯ ᠠᠴᠠ ᠱᠠᠭᠠᠷᠳᠠᠭᠰᠠᠨ ᠨᠢ᠂ ᠲᠤᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠭᠦᠨᠵᠡᠭᠡᠢ ᠠᠬᠢᠭᠤᠯᠬᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠰᠣᠶᠣᠯ ᠢ ᠳᠡᠭᠡᠳᠦᠯᠡᠬᠦ᠂ ᠰᠤᠷᠭᠠᠨ ᠬᠥᠮᠦᠵᠢᠯ ᠢ ᠴᠢᠬᠤᠯᠠᠴᠢᠯᠠᠬᠤ᠂ ᠬᠤᠳᠠᠯᠳᠤᠭ᠎ᠠ  ᠡᠵᠡᠩᠨᠡᠬᠦ᠂ ᠪᠠᠶᠢᠭᠠᠯᠢ ᠶᠢ ᠡᠷᠬᠢᠮᠯᠡᠬᠦ︾ ᠭᠡᠬᠦ ᠲᠦᠷᠪᠡᠨ ᠵᠣᠬᠢᠶᠠᠯ ᠢ ᠰᠢᠯᠢᠳᠡᠭᠵᠢᠭᠦᠯᠬᠦ ᠶᠢᠨ ᠲᠣᠭᠤᠷᠢᠨ ᠳᠤ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠦᠢ ᠴᠢᠤᠸᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠤᠨ ᠲᠣᠭᠲᠠᠭᠠᠯ ᠢ ᠬᠡᠷᠡᠭᠵᠢᠭᠦᠯᠬᠦ ᠪᠠᠲᠤ ᠴᠢᠩᠭ᠎ᠠ ᠡᠩᠨᠡᠭᠡ ᠪᠣᠯᠭᠠᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠶᠢᠨ ᠲᠣᠭᠤᠷᠢᠨ ᠳᠤ ᠬᠥᠭᠵᠢᠯᠲᠡ ᠶᠢ ᠠᠬᠢᠭᠤᠯᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠠᠷᠠᠳ ᠤᠨ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠵᠤᠵᠠᠭᠠᠳᠬᠠᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠦᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠳᠡᠮᠵᠢᠭᠦᠯᠬᠦ ᠪᠠ ᠣᠷᠣᠯᠴᠠᠭᠤᠯᠬᠤ ᠬᠡᠷᠡᠭᠲᠡᠶ᠃ ᠭᠤᠷᠪᠠ ᠳᠤ᠂ ᠵᠣᠷᠢᠯᠲᠠ ᠪᠠᠨ ᠪᠠᠲᠤ ᠴᠡᠭᠡᠵᠢᠯᠡᠵᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠲᠦᠮᠡᠨ ᠤ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠥᠭᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠲᠦᠷᠪᠡ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠤ᠂ ᠦᠨᠳᠦᠰᠦᠨ ᠬᠠᠤᠯᠢ᠂ ᠬᠠᠤᠯᠢ ᠴᠠᠭᠠᠵᠠ ᠪᠣᠯᠤᠨ ᠡᠯ᠎ᠡ ᠲᠦᠷᠦᠯ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠭᠦᠨᠵᠡᠭᠡᠢ ᠰᠤᠷᠤᠯᠴᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ᠂ ᠪᠦᠬᠦ ᠲᠥᠯᠥᠭᠡᠯᠡᠭᠴᠢᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠢᠦᠢ ᠴᠢᠤᠸᠠᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃      ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃      ᠬᠤᠷᠠᠯ ᠤᠨ ᠳᠠᠷᠠᠭ᠎ᠠ᠂ ᠰᠢᠨ᠎ᠡ ᠪᠠᠷ ᠰᠣᠩᠭᠤᠭᠳᠠᠭᠰᠠᠨ ᠬᠥᠮᠦᠰ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠦᠨᠳᠦᠰᠦᠨ ᠬᠠᠤᠯᠢ ᠳᠤ ᠲᠠᠩᠭᠠᠷᠢᠭᠯᠠᠪᠠ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号