ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/1/20
     ᠪᠥᠬᠦ ᠤᠯᠤᠰ ᠤᠨ ᠣᠶᠢᠷ᠎ᠠ ᠶᠢᠨ ᠬᠤᠭᠤᠴᠠᠭᠠᠨ ᠤ ᠭᠠᠯ ᠤᠨ ᠭᠠᠮᠰᠢᠭ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠡᠪᠦᠯ ᠤᠨ ᠤᠯᠠᠷᠢᠯ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠭᠠᠯ ᠤᠨ ᠭᠠᠮᠰᠢᠭ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠵᠢᠴᠢ ᠬᠤᠳᠠᠯᠳᠤᠭᠠᠨ ᠤ ᠡᠷᠦᠬᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠠᠳᠠᠯ ᠠᠬᠤᠶ ᠶᠢᠨ ᠺᠣᠮᠫᠠᠨᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠺᠠᠢ ᠲᠠᠢ ᠵᠠᠬ᠎ᠠ ᠳᠡᠯᠭᠡᠭᠦᠷ᠂ ᠰᠢᠦᠢ ᠺᠧ ᠵᠡᠭᠦᠨ ᠵᠠᠮ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠲᠦ ᠳᠡᠯᠭᠡᠭᠦᠷ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠠᠶᠢᠴᠠᠭᠠᠯᠲᠠ ᠥᠷᠨᠢᠭᠦᠯᠪᠡ᠃
     ᠪᠠᠶᠢᠴᠠᠭᠠᠬᠤ ᠳᠤᠭᠤᠶᠢᠯᠠᠩ ᠤᠨ ᠬᠢᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠬᠥᠮᠦᠰ ᠨᠢᠭᠲᠠᠷᠠᠭᠰᠠᠨ ᠣᠨᠴᠠᠯᠢᠭ ᠲᠠᠢ ᠤᠶᠠᠯᠳᠤᠭᠤᠯᠤᠨ᠂ ᠴᠠᠬᠢᠯᠭᠠᠨ ᠤ ᠲᠥᠬᠦᠭᠡᠷᠦᠮᠵᠢ᠂ ᠳᠤᠯᠠᠭᠠᠯᠠᠭ᠎ᠠ ᠶᠢᠨ ᠲᠥᠬᠦᠭᠡᠷᠦᠮᠵᠢ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠰᠢᠰᠲ᠋ᠧᠮ ᠨᠢ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ᠂ ᠭᠠᠯ ᠤᠨᠲᠠᠷᠠᠭᠠᠬᠤ ᠵᠠᠮ᠂ ᠪᠠᠴᠢᠮ ᠪᠠᠶᠢᠳᠠᠯ ᠢ ᠠᠷᠭᠠᠴᠠᠭᠠᠬᠤ ᠲᠠᠷᠬᠠᠯᠲᠠ ᠶᠢᠨ ᠵᠠᠮ ᠨᠢ ᠰᠠᠭᠠᠳ ᠥᠬᠡᠶ ᠨᠡᠪᠲᠡᠷᠡᠬᠦ ᠡᠰᠡᠬᠦ ᠳᠤ ᠨᠠᠷᠢᠨ ᠨᠢᠮᠪᠠᠶ ᠪᠠᠶᠢᠴᠠᠭᠠᠯᠲᠠ ᠬᠢᠪᠠ᠃ ᠪᠠᠰᠠ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠡᠵᠡᠩᠨᠡᠭᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠳᠠᠯᠳᠠ ᠬᠡᠮ ᠤᠨ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠵᠢᠯᠣᠭᠤᠳᠣᠯᠭ᠎ᠠ ᠬᠢᠭᠰᠡᠨ ᠪᠥᠭᠡᠳ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠭᠠᠯ ᠤᠨᠲᠠᠷᠠᠭᠠᠬᠤ ᠳᠤ ᠥᠨᠴᠥᠭ ᠪᠤᠯᠤᠩ ᠦᠯᠡᠳᠡᠭᠡᠬᠦ ᠥᠬᠡᠶ᠂ ᠳᠠᠯᠳᠠ ᠬᠡᠮ ᠢ ᠪᠦᠬᠦᠨ ᠢ ᠠᠷᠢᠯᠭᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
     ᠡᠭᠦᠨ ᠤ ᠬᠠᠮᠲᠤ᠂ ᠶᠡᠭᠡ ᠠᠩᠭᠢ ᠶᠢᠨ ᠬᠢᠨᠠᠯᠲᠠ ᠲᠠᠯᠪᠢᠭᠴᠢ ᠪᠠᠰᠠ ᠵᠠᠬ᠎ᠠ ᠳᠡᠯᠭᠡᠭᠦᠷ ᠤᠨ ᠡᠵᠡᠩᠨᠡᠭᠴᠢᠳ ᠲᠤ ᠣᠶᠢᠷ᠎ᠠ ᠳᠤ ᠡᠭᠦᠰᠦᠭᠰᠡᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠳᠡᠯ ᠤᠨ ᠪᠠᠶᠢᠳᠠᠯ ᠪᠣᠯᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠤᠬᠠᠭᠤᠯᠵᠤ᠂ ᠡᠵᠡᠩᠨᠡᠭᠴᠢᠳ ᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠦᠨᠵᠡᠭᠡᠶ ᠰᠤᠷᠭᠠᠮᠵᠢ ᠠᠪᠴᠤ᠂ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠣᠯᠤᠨ ᠬᠠᠮᠢᠶᠠᠷᠤᠯᠲᠠ ᠪᠠᠨ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠪᠣᠯᠤᠨ ᠭᠠᠯ ᠤᠨᠲᠠᠷᠠᠭᠠᠬᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠶ ᠭᠡᠵᠦ ᠵᠠᠬᠢᠪᠠ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠲᠡᠷᠢᠭᠦᠨ ᠪᠠᠶᠢᠷᠢᠨ ᠳᠤ ᠲᠠᠯᠪᠢᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠡᠳᠦᠷ ᠲᠤᠳᠤᠮ ᠤᠨ ᠪᠠᠶᠢᠴᠠᠭᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠦᠨ᠎ᠡ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号